ᠵᠤᠬᠢᠶᠠᠭᠴᠢ:
ᠴᠠᠭ:2022-04-15
ᠥᠵᠡᠭᠰᠡᠨ : ℃
ᠢᠷᠡᠯᠲᠡ:
ᠡᠪᠦᠳᠦᠭ ᠪᠣᠭᠤᠮᠲᠠ
ᠡᠪᠦᠳᠦᠭ ᠪᠣᠭᠤᠮᠲᠠ ᠬᠥᠯᠥᠨ ᠪᠤᠢᠢᠷ ᠬᠤᠳᠠ ᠶᠢᠨ ᠰᠢᠨ᠎ᠡ ᠪᠠᠷᠭᠤ ᠵᠡᠭᠦᠨ ᠬᠣᠰᠢᠭᠤᠨ ᠤ ᠪᠠᠯᠭᠠᠰᠤ ᠠᠴᠠ ᠪᠠᠷᠠᠭᠤᠨ 22 ᠵᠠᠶᠢᠲᠠᠢ ᠭᠠᠵᠠᠷ ᠲᠤ ᠪᠠᠶᠢᠷᠢᠯᠠᠵᠤ᠂ ᠮᠠᠨᠵᠤᠤᠷ ᠬᠤᠳᠠ ᠠᠴᠠ 260 ᠭᠠᠷᠤᠢ ᠵᠠᠶᠢᠲᠠᠢ᠂ ᠬᠠᠯᠬ᠎ᠠ ᠭᠣᠣᠯ ᠢᠶᠠᠷ ᠠᠯᠤᠰᠯᠠᠭᠠᠳ ᠮᠣᠩᠭᠣᠯ ᠤᠯᠤᠰ ᠤᠨ ᠪᠠᠶᠠᠨᠬᠤᠰᠢᠭᠤ ᠪᠣᠭᠣᠮᠲᠠ ᠲᠠᠶ ᠬᠠᠷᠢᠯᠴᠠᠨ ᠵᠣᠬᠢᠴᠠᠯᠳᠤᠵᠤ ᠪᠤᠢ᠃ ᠡᠨᠡ ᠪᠣᠯ ᠬᠥᠯᠥᠨ ᠪᠤᠢᠢᠷ ᠬᠤᠳᠠ ᠶᠢᠨ ᠭᠠᠳᠠᠭᠠᠳᠤ ᠨᠡᠬᠡᠬᠡᠯᠳᠡ ᠶᠢᠨ 8 ᠪᠣᠭᠣᠮᠲᠠ ᠶᠢᠨ ᠨᠢᠭᠡ ᠪᠣᠯᠬᠤ ᠪᠥᠭᠡᠳ ᠳᠤᠮᠳᠠᠳᠤ ᠮᠣᠩᠭᠣᠯ ᠬᠣᠶᠠᠷ ᠤᠯᠤᠰ ᠤᠨ ᠴᠢᠬᠤᠯᠠ ᠪᠠᠷᠠᠭ᠎ᠠ ᠨᠡᠪᠲᠡᠷᠡᠬᠦ ᠪᠣᠭᠣᠮᠲᠠ ᠪᠣᠯᠤᠨ᠎ᠠ᠃ 1991 ᠣᠨ ᠤ 5 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠪᠦᠳᠦᠭ ᠪᠣᠭᠤᠮᠲᠠ ᠲᠦᠷ ᠴᠠᠭ ᠤᠨ ᠪᠠᠷᠠᠭ᠎ᠠ ᠥᠩᠭᠡᠷᠡᠬᠦ ᠭᠠᠵᠠᠷ ᠪᠣᠯᠭᠠᠬᠤ ᠶᠢ ᠵᠥᠪᠰᠢᠶᠡᠷᠡᠪᠡ᠃ 1992 ᠣᠨ ᠳᠤ᠂ ᠪᠠᠰᠠ ᠡᠪᠦᠳᠦᠭ ᠪᠣᠭᠤᠮᠲᠠ ᠬᠣᠶᠠᠳᠤᠭᠠᠷ ᠲᠦᠷᠦᠯ ᠦᠨ ᠪᠣᠭᠣᠮᠲᠠ ᠪᠣᠯᠭᠠᠨ ᠲᠡᠰ ᠳᠡᠪᠰᠢᠭᠦᠯᠵᠡᠢ᠃1995 ᠣᠨ ᠳᠤ ᠂ ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠬᠢᠭᠡᠳ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠨᠣᠲ᠋ᠠ ᠪᠢᠴᠢᠭ ᠦᠨ ᠬᠤᠷᠠᠯ ᠬᠢᠭᠰᠡᠨ ᠦ ᠳᠠᠷᠠᠭ᠎ᠠ ᠂ ᠡᠪᠦᠳᠦᠭ ᠪᠣᠭᠤᠮᠲᠠ ᠶ᠋ᠢ ᠨᠢᠭᠡᠳᠦᠭᠡᠷ ᠲᠥᠷᠥᠯ ᠦᠨ ᠤᠯᠠᠷᠢᠯ ᠤᠨ ᠴᠢᠨᠠᠷᠲᠠᠶ ᠪᠣᠭᠣᠮᠲᠠ ᠪᠣᠯᠬᠤ ᠶᠢ ᠵᠥᠪᠰᠢᠶᠡᠷᠡᠵᠡᠶ ᠃ 2000 ᠣᠨ ᠳᠤ᠂ ᠡᠪᠦᠳᠦᠭ ᠪᠣᠭᠤᠮᠲᠠ ᠳᠤ ᠬᠥᠭᠥᠷᠭᠡ ᠪᠠᠶᠢᠭᠤᠯᠬᠤ ᠶᠢ ᠵᠢᠩᠬᠢᠨᠢ ᠪᠡᠷ ᠵᠥᠪᠰᠢᠶᠡᠷᠡᠪᠡ᠃ 2004 ᠣᠨ ᠤ 9 ᠰᠠᠷ᠎ᠠ ᠶᠢᠨ 28 ᠤ ᠡᠳᠦᠷ ᠂ 《 ᠳᠤᠮᠳᠠᠳᠤ ᠮᠣᠩᠭᠣᠯ ᠤᠨ ᠬᠢᠯᠢ ᠶᠢᠨ ᠪᠣᠭᠣᠮᠲᠠ ᠵᠢᠴᠢ ᠲᠡᠭᠦᠨ ᠦ ᠬᠠᠮᠢᠶᠠᠷᠤᠯᠲᠠ ᠶᠢᠨ ᠲᠦᠷᠢᠮ ᠦᠨ ᠲᠤᠬᠠᠶ ᠬᠡᠯᠡᠯᠴᠡᠭᠡᠷ 》 ᠡᠪᠦᠳᠦᠭ ᠪᠣᠭᠤᠮᠲᠠ ᠶᠢ ᠬᠣᠶᠠᠷ ᠲᠠᠯ᠎ᠠ ᠶᠢᠨ ᠤᠯᠠᠷᠢᠯ ᠤᠨ ᠴᠢᠨᠠᠷᠲᠠᠶ ᠨᠡᠭᠡᠭᠡᠯᠲᠡ ᠲᠡᠶ ᠪᠣᠭᠣᠮᠲᠠ ᠪᠠᠷ ᠲᠣᠭᠲᠠᠭᠠᠵᠠᠶ ᠃ 2012 ᠣᠨ ᠳᠤ ᠤᠯᠤᠰ ᠤᠨ ᠲᠠᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ ᠂ ᠵᠢᠩᠬᠢᠨᠢ ᠪᠡᠷ ᠤᠯᠤᠰ ᠤᠨ ᠭᠠᠳᠠᠭᠠᠳᠤ ᠨᠡᠭᠡᠭᠡᠯᠲᠡ ᠶᠢᠨ ᠪᠣᠭᠣᠮᠲᠠ ᠳᠤ 2014 ᠣᠨ ᠤ 6 ᠰᠠᠷ᠎ᠠ ᠠᠴᠠ ᠡᠬᠢᠯᠡᠨ ᠳ᠋ᠠᠴᠢᠩ ᠤᠨ ᠬᠢᠯᠢ ᠶᠢᠨ ᠭᠠᠳᠠᠨᠠᠬᠢ 7 ᠡᠳᠦᠷ ᠦᠨ ᠪᠣᠭᠣᠮᠲᠠ ᠶᠢ ᠬᠡᠷᠡᠭᠵᠢᠭᠦᠯᠵᠦ ᠂ 8 ᠰᠠᠷ᠎ᠠ ᠶᠢᠨ 20 ᠤ ᠡᠳᠦᠷ ᠡᠴᠡ ᠡᠬᠢᠯᠡᠨ ᠪᠥᠬᠥ ᠵᠢᠯ ᠣᠯᠠᠨ ᠨᠡᠶᠢᠲᠡ ᠳᠦ ᠲᠦᠷ ᠴᠠᠭ ᠤᠨ ᠨᠡᠭᠡᠭᠡᠯᠲᠡ ᠬᠢᠬᠦ ᠶᠢ ᠬᠡᠷᠡᠭᠵᠢᠭᠦᠯᠦᠨ᠎ᠡ ᠃
ᠡᠪᠦᠳᠦᠭ ᠪᠣᠭᠣᠮᠲᠠ ᠶᠢ 1993 ᠣᠨ ᠠᠴᠠ ᠡᠬᠢᠯᠡᠨ ᠪᠠᠶᠢᠭᠤᠯᠵᠤ᠂ 1994 ᠣᠨ ᠳᠤ ᠵᠢᠩᠬᠢᠨᠢ ᠪᠡᠷ ᠭᠠᠳᠠᠭᠠᠳᠤ ᠲᠠᠶ ᠴᠢᠯᠥᠭᠡᠲᠡᠶ ᠃ ᠪᠠᠯᠭᠠᠰᠤᠨ ᠳᠤ 1100 ᠲᠡᠭᠰᠢ ᠳᠥᠷᠪᠡᠯᠵᠢᠨ ᠮᠧᠲ᠋ᠷ ᠦᠨ ᠬᠠᠮᠲᠤᠷᠠᠨ ᠪᠠᠶᠢᠴᠠᠭᠠᠬᠤ ᠠᠮᠢᠳᠤᠷᠠᠯ ᠪᠠᠶᠢᠭᠤᠯᠵᠤ ᠂ ᠪᠣᠭᠣᠮᠲᠠ ᠶᠢᠨ ᠲᠤᠬᠠᠶ ᠶᠢᠨ ᠲᠠᠯᠠᠪᠤᠷ ᠲᠤ ᠨᠢᠭᠡᠨᠲᠡ 266 ᠲᠡᠭᠰᠢ ᠳᠥᠷᠪᠡᠯᠵᠢᠨ ᠮᠧᠲ᠋ᠷ ᠦᠨ ᠪᠣᠭᠣᠮᠲᠠ ᠶᠢᠨ ᠪᠠᠶᠢᠴᠠᠭᠠᠬᠤ ᠥᠷᠲᠡᠭᠡ ᠪᠠ ᠤᠯᠤᠰ ᠤᠨ ᠡᠭᠦᠳᠡ ᠵᠢᠴᠢ ᠲᠡᠷᠭᠡ ᠪᠠᠶᠢᠴᠠᠭᠠᠬᠤ ᠲᠠᠪᠴᠠᠩ ᠵᠡᠷᠭᠡ ᠰᠠᠭᠤᠷᠢ ᠲᠥᠬᠥᠭᠡᠷᠦᠮᠵᠢ ᠶᠢ ᠪᠠᠶᠢᠭᠤᠯᠵᠤ ᠂ 2005 ᠣᠨ ᠳᠤ ᠳᠤᠮᠳᠠᠳᠤ ᠮᠣᠩᠭᠣᠯ ᠤᠨ ᠠᠩᠬᠠᠳᠠᠭᠴᠢ ᠬᠢᠯᠢ ᠶᠢᠨ ᠭᠣᠸᠯ ᠤᠨ ᠬᠥᠭᠥᠷᠭᠡ ᠂ ᠪᠣᠭᠣᠮᠲᠠ ᠶᠢᠨ ᠵᠠᠮ ᠂ ᠪᠣᠭᠣᠮᠲᠠ ᠶᠢᠨ ᠴᠠᠬᠢᠯᠭᠠᠨ ᠂ ᠪᠣᠭᠣᠮᠲᠠ ᠶᠢᠨ ᠴᠢᠮᠡᠭᠡ ᠬᠣᠯᠪᠣᠭ᠎ᠠ ᠵᠡᠷᠭᠡ ᠣᠯᠠᠨ ᠵᠦᠶᠯ ᠦᠨ ᠢᠨᠵᠧᠨᠧᠷᠢᠩ ᠦᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ ᠂ ᠣᠳᠣᠬᠠᠨ ᠳᠤ ᠪᠣᠭᠣᠮᠲᠠ ᠶᠢᠨ ᠰᠠᠭᠤᠷᠢ ᠲᠥᠬᠥᠭᠡᠷᠦᠮᠵᠢ ᠨᠢᠭᠡᠨᠲᠡ ᠠᠩᠬ᠎ᠠ ᠠᠯᠬᠤᠮ ᠃
2017 ᠣᠨ ᠳᠤ ᠂ ᠬᠢᠯᠢ ᠪᠡᠷ ᠣᠷᠣᠵᠤ ᠨᠡᠶᠢᠲᠡ 26.5 ᠲᠦᠮᠡᠨ ᠬᠥᠮᠦᠨ ᠤᠳᠠᠭ᠎ᠠ ᠳᠤ ᠬᠦᠷᠴᠦ ᠂ ᠬᠢᠯᠢ ᠪᠡᠷ ᠣᠷᠣᠵᠤ ᠭᠠᠷᠤᠭᠰᠠᠨ ᠲᠡᠷᠭᠡ ᠨᠡᠶᠢᠲᠡ 17.8 ᠲᠦᠮᠡᠨ ᠤᠳᠠᠭ᠎ᠠ ᠳᠤ ᠬᠦᠷᠴᠦ ᠂ ᠪᠠᠷᠠᠭᠠᠨ ᠤ ᠲᠣᠭ᠎ᠠ ᠨᠡᠶᠢᠲᠡ 199.5 ᠲᠦᠮᠡᠨ ᠲᠣᠨ ᠳᠤ ᠬᠦᠷᠴᠦ ᠂ ᠠᠷᠠᠯᠵᠢᠶᠠᠨ ᠤ ᠥᠷᠲᠡᠭ ᠨᠢ ᠠᠷᠠᠳ ᠤᠨ ᠵᠣᠭᠣᠰ ᠢᠶᠠᠷ 52.7 ᠳ᠋ᠦᠩᠰᠢᠭᠤᠷ ᠲᠥᠭᠥᠷᠢᠭ ᠲᠦ ᠬᠦᠷᠴᠦ ᠂ ᠨᠢᠭᠡᠨᠲᠡ ᠬᠥᠯᠥᠨ ᠪᠣᠶᠢᠷ ᠬᠣᠲᠠ ᠶᠢᠨ ᠪᠠᠷᠠᠭᠠᠨ ᠤ ᠬᠣᠶᠠᠳᠤᠭᠠᠷ ᠲᠣᠮᠣ ᠪᠣᠭᠣᠮᠲᠠ ᠪᠣᠯᠤᠭᠰᠠᠨ ᠪᠠᠶᠢᠨ᠎ᠠ ᠃ᠪᠣᠭᠣᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠣᠣᠯ ᠡᠳ᠋ ᠪᠠᠷᠠᠭ᠎ᠠ ᠪᠣᠯ ᠭᠠᠳᠠᠭᠠᠳᠤ ᠳᠤ ᠭᠠᠷᠭᠠᠬᠤ ᠮᠠᠰᠢᠨ ᠲᠥᠬᠥᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠬᠡᠷᠡᠭᠰᠡᠯ᠂ ᠡᠳᠦᠷ ᠲᠤᠳᠦᠮ ᠤᠨ ᠬᠡᠷᠡᠭᠯᠡᠭᠡᠨ ᠦ ᠵᠦᠢᠯ᠂ ᠭᠠᠳᠠᠭᠠᠳᠤ ᠠᠴᠠ ᠣᠷᠣᠭᠤᠯᠬᠤ ᠲᠦᠭᠦᠬᠡᠶ ᠴᠢᠯᠠᠭᠤᠨ ᠲᠤᠰᠦ᠂ ᠲᠡᠵᠢᠭᠡᠯ ᠡᠪᠡᠰᠦ ᠵᠡᠷᠭᠡ ᠪᠣᠯᠤᠨ᠎ᠠ᠃