ᠵᠤᠬᠢᠶᠠᠭᠴᠢ:
ᠴᠠᠭ:2023-01-08
ᠥᠵᠡᠭᠰᠡᠨ : ℃
ᠢᠷᠡᠯᠲᠡ:
ᠵᠡᠭᠦᠨ ᠬᠠᠲᠠᠪᠴᠢ ᠪᠣᠭᠣᠮᠲᠠ
ᠵᠡᠭᠦᠨ ᠬᠠᠲᠠᠪᠴᠢ ᠪᠣᠭᠣᠮᠲᠠ ᠰᠢᠯᠢ ᠶᠢᠨ ᠭᠣᠣᠯ ᠠᠶᠢᠮᠠᠭ ᠤᠨ ᠵᠡᠭᠦᠨ ᠦᠵᠦᠮᠦᠴᠢᠨ ᠬᠣᠰᠢᠭᠤᠨ ᠤ ᠪᠠᠶᠢᠭ᠎ᠠ ᠤᠯᠢᠶᠠᠰᠤᠲᠠᠢ ᠪᠠᠯᠭᠠᠰᠤ ᠠᠴᠠ 50 ᠺᠢᠯᠦᠮᠸᠲᠷ ᠤᠨ ᠵᠠᠢᠲᠠᠢ ᠪᠠᠢᠭ᠎ᠠ ᠬᠦᠪᠴᠢᠠᠭᠤᠪᠢ ᠰᠤᠮᠤᠨ ᠤ ᠳᠦ ᠪᠤᠢ᠃ ᠬᠢᠯᠢ ᠶᠢᠨ ᠱᠤᠭᠤᠮ ᠠᠴᠠ 5 ᠺᠢᠯᠣᠮᠧᠲ᠋ᠷ ᠵᠠᠶᠢᠲᠠᠶ ᠂ ᠮᠣᠩᠭᠣᠯ ᠤᠯᠤᠰ ᠤᠨ ᠪᠣᠭᠣᠮᠲᠠ ᠠᠴᠠ 9 ᠺᠢᠯᠣᠮᠧᠲ᠋ᠷ ᠵᠠᠶᠢᠲᠠᠶ ᠂ ᠳᠤᠮᠳᠠᠳᠤ ᠮᠣᠩᠭᠣᠯ ᠤᠨ ᠬᠢᠯᠢ ᠶᠢᠨ ᠱᠤᠭᠤᠮ 452 ᠳ᠋ᠤᠭᠠᠷ ᠬᠢᠯᠢ ᠶᠢᠨ ᠱᠣᠩ ᠠᠴᠠ ᠵᠡᠭᠦᠨᠰᠢ 1000 ᠮᠧᠲ᠋ᠷ ᠤᠨ ᠵᠠᠢ ᠳᠤ ᠪᠠᠢᠳᠠᠭ ᠃
ᠲᠡᠦᠬᠡᠨ ᠳᠡᠭᠡᠷ᠎ᠡ᠂ ᠵᠡᠭᠦᠨ ᠬᠠᠲᠠᠪᠴᠢ ᠪᠣᠭᠣᠮᠲᠠ ᠶᠢ《ᠮᠣᠩᠭᠣᠯ ᠮᠤᠷᠢᠨ ᠤ ᠭᠠᠵᠠᠷ》ᠭᠡᠵᠦ᠂ ᠳᠤᠮᠳᠠᠳᠤ ᠮᠣᠩᠭᠣᠯ ᠬᠣᠶᠠᠷ ᠤᠯᠤᠰ ᠤᠨ ᠠᠷᠠᠳ ᠲᠦᠮᠡᠨ ᠦ ᠨᠥᠬᠥᠷᠰᠡᠭ ᠶᠠᠪᠤᠯᠴᠠᠭ᠎ᠠ ᠶᠢᠨ ᠠᠷᠠᠯᠵᠢᠶ᠎ᠠ ᠨᠡᠪᠲᠡᠷᠡᠬᠦ ᠵᠠᠮ ᠃ ᠮᠠᠨᠵᠤᠤᠷ᠂ ᠡᠷᠢᠶᠡᠨ ᠬᠤᠳᠠ ᠶᠢᠨ ᠳᠠᠷᠠᠭᠠᠬᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠧᠦ᠋ᠷᠣᠫᠠ ᠠᠽᠢᠶ᠎ᠠ ᠶᠢ ᠬᠣᠯᠪᠣᠭᠰᠠᠨ ᠪᠠᠰᠠ ᠨᠢᠭᠡᠨ ᠴᠢᠬᠤᠯᠠ ᠬᠦᠢᠰᠦ ᠪᠣᠯᠤᠨ᠎ᠠ᠂ ᠤᠷᠤᠰ᠂ ᠮᠣᠩᠭᠣᠯ ᠤᠯᠤᠰ ᠲᠤ ᠨᠡᠪᠲᠡᠷᠡᠬᠦ ᠬᠠᠮᠤᠭ ᠤᠨ ᠳᠥᠭᠥᠮ ᠳᠥᠲᠡ ᠴᠢᠬᠤᠯᠠ ᠵᠠᠮ ᠪᠣᠯᠤᠨ᠎ᠠ᠂ ᠮᠥᠨ ᠴᠦ ᠤᠷᠤᠰ ᠤᠨ ᠴᠢᠲ᠋ᠠ ᠪᠣᠯᠤᠨ ᠳᠤᠮᠳᠠᠳᠤ ᠤᠯᠤᠰ ᠤᠨ ᠵᠢᠨᠵᠧᠦ ᠭᠠᠷᠠᠮ ᠢ ᠬᠣᠯᠪᠣᠭᠰᠠᠨ ᠭᠤᠷᠪᠠᠳᠤᠭᠠᠷ ᠶᠡᠬᠡ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠶᠢᠨ ᠬᠥᠭᠥᠷᠭᠡ ᠶᠢᠨ《ᠬᠥᠭᠥᠷᠭᠡᠨ ᠪᠡᠬᠢᠯᠡᠯᠲᠡ》ᠪᠣᠯᠤᠨ᠎ᠠ᠃1992 ᠣᠨ ᠳᠤ ᠪᠣᠭᠣᠮᠲᠠ ᠨᠡᠪᠲᠡᠷᠡᠭᠰᠡᠨ ᠡᠴᠡ ᠨᠠᠰᠢ᠂ ᠳᠤᠮᠳᠠᠳᠤ ᠮᠣᠩᠭᠣᠯ ᠬᠣᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠲᠡᠭᠡᠬᠦ ᠵᠠᠷᠴᠢᠮ ᠤᠨ ᠶᠣᠰᠣᠭᠠᠷ ᠂ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠥᠷᠭᠡᠳᠬᠡᠬᠦ᠂ ᠰᠣᠶᠣᠯ ᠢᠷᠭᠡᠨᠰᠢᠯ ᠦᠨ ᠰᠣᠯᠢᠯᠴᠠᠭ᠎ᠠ ᠶᠢ ᠴᠢᠩᠭᠠᠳᠬᠠᠬᠤ ᠲᠠᠯ᠎ᠠ ᠪᠠᠷ ᠶᠡᠬᠡ ᠬᠡᠮᠵᠢᠶᠡᠨ ᠦ ᠦᠷ᠎ᠡ ᠪᠦᠲᠦᠮᠵᠢᠲᠡᠢ ᠠᠵᠢᠯ ᠢ ᠬᠢᠵᠦ᠂ ᠪᠣᠭᠣᠮᠲᠠ ᠶᠢᠨ ᠠᠷᠠᠯᠵᠢᠶ᠎ᠠ ᠲᠦᠷᠭᠡᠨ ᠬᠥᠭᠵᠢᠵᠡᠢ᠃ 2008 ᠣᠨ ᠤ 1 ᠰᠠᠷ᠎ᠠ ᠶᠢᠨ 3 ᠤ ᠡᠳᠦᠷ ᠂ ᠵᠡᠭᠦᠨ ᠬᠠᠲᠠᠪᠴᠢ ᠪᠣᠭᠣᠮᠲᠠ ᠣᠯᠠᠨ ᠤᠯᠤᠰ ᠤᠨ ᠴᠢᠨᠠᠷᠲᠠᠶ ᠵᠢᠯ ᠨᠡᠭᠡᠭᠡᠬᠦ ᠶᠢ ᠵᠢᠩᠬᠢᠨᠢ ᠪᠡᠷ ᠪᠡᠶᠡᠯᠡᠭᠦᠯᠪᠡ ᠃