ᠵᠤᠬᠢᠶᠠᠭᠴᠢ:
ᠴᠠᠭ:2023-02-10
ᠥᠵᠡᠭᠰᠡᠨ : ℃
ᠢᠷᠡᠯᠲᠡ:
ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ
1994 ᠣᠨ ᠤ 3 ᠰᠠᠷ᠎ᠠ ᠶᠢᠨ 29 ᠦ ᠡᠳᠦᠷ᠂ ᠳᠤᠮᠳᠠᠳᠤ ᠮᠣᠩᠭᠣᠯ ᠣᠷᠣᠰ ᠭᠤᠷᠪᠠᠨ ᠤᠯᠤᠰ ᠤᠨ ᠵᠠᠰᠠᠭ ᠤᠨ ᠣᠷᠳᠣᠨ ᠤ ᠣᠷᠴᠢᠨ ᠲᠣᠭᠣᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠯᠠᠭᠠᠨᠪᠠᠭᠠᠲᠤᠷ ᠬᠣᠲᠠ ᠳᠤ 《 ᠬᠠᠮᠲᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠬᠤ ᠲᠤᠬᠠᠶ ᠬᠡᠯᠡᠯᠴᠡᠭᠡᠷ 》 ᠢ ᠲᠣᠭᠲᠠᠵᠤ ᠂ ᠳᠤᠮᠳᠠᠳᠤ ᠤᠯᠤᠰ ᠤᠨ ᠬᠥᠯᠥᠨ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠂ ᠮᠣᠩᠭᠣᠯ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠣᠷᠣᠰ ᠤᠨ ᠳ᠋ᠠᠦ᠋ᠯᠰᠺ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠬᠠᠮᠲᠤ ᠪᠠᠷ ᠣᠯᠠᠨ ᠤᠯᠤᠰ ᠤᠨ ᠬᠠᠮᠠᠭᠠᠯᠠᠯᠲᠠ ᠶᠢᠨ ᠣᠷᠣᠨ ᠢ ᠪᠠᠶᠢᠭᠤᠯᠵᠤ ᠂ ᠶᠡᠷᠦᠩᠬᠡᠶ ᠲᠠᠯᠠᠪᠠᠶ ᠨᠢ 17000 ᠲᠡᠭᠰᠢ ᠳᠥᠷᠪᠡᠯᠵᠢᠨ ᠺᠢᠯᠣᠮᠧᠲ᠋ᠷ ᠢ ᠳᠠᠪᠠᠵᠤ ᠂ ᠨᠤᠭᠤ ᠭᠠᠵᠠᠷ ᠂ ᠲᠠᠯ᠎ᠠ ᠨᠤᠲᠤᠭ ᠂ ᠴᠢᠯᠠᠭᠤᠯᠢᠭ ᠤᠨ ᠣᠷᠣᠨ ᠪᠠ ᠣᠶ ᠰᠢᠭᠤᠶ ᠶᠢ ᠪᠠᠭᠲᠠᠭᠠᠵᠠᠢ ᠃ 1995 ᠣᠨ ᠳᠤ ᠬᠠᠮᠠᠭᠠᠯᠠᠯᠲᠠ ᠶᠢᠨ ᠣᠷᠣᠨ ᠤ ᠬᠠᠮᠲᠤᠷᠠᠭᠰᠠᠨ ᠵᠥᠪᠯᠡᠯ ᠢ ᠪᠠᠶᠢᠭᠤᠯᠵᠤ᠂ ᠳᠣᠣᠷ᠎ᠠ ᠨᠢ ᠠᠵᠢᠯᠯᠠᠬᠤ ᠳᠤᠭᠤᠶᠢᠯᠠᠩ ᠪᠠᠶᠢᠭᠤᠯᠪᠠ ᠃ ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠤᠭᠳᠠᠭᠰᠠᠨ ᠠᠴᠠ ᠨᠠᠰᠢ ᠭᠤᠷᠪᠠᠨ ᠲᠠᠯ᠎ᠠ ᠪᠠᠷ ᠢᠶᠠᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠲᠣᠭᠣᠷᠢᠨ ᠳᠤ ᠵᠢᠯ ᠨᠢᠭᠡᠳᠪᠦᠷᠢ ᠬᠠᠮᠲᠤᠷᠠᠨ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠵᠡᠷᠭᠡ ᠪᠠ ᠬᠡᠦᠬᠡᠳ ᠦᠨ ᠵᠢᠷᠤᠭ ᠤᠨ ᠦᠵᠡᠰᠬᠦᠯᠡᠩ᠂ ᠵᠠᠯᠠᠭᠤᠴᠤᠳ ᠪᠠᠭᠠᠴᠤᠳ ᠤᠨ ᠵᠤᠰᠠᠯᠠᠩ ᠤᠨ ᠭᠠᠵᠠᠷ ᠵᠡᠷᠭᠡ ᠤᠬᠠᠭᠤᠯᠭ᠎ᠠ ᠬᠥᠮᠦᠵᠢᠯ ᠦᠨ ᠠᠵᠢᠯᠯᠠᠭ᠎ᠠ ᠶᠢ ᠪᠠᠭᠲᠠᠭᠠᠭᠰᠠᠨ ᠰᠢᠷᠢᠰ ᠠᠵᠢᠯᠯᠠᠭ᠎ᠠ ᠨᠤᠭᠤᠳ ᠢ ᠬᠠᠮᠲᠤᠷᠠᠨ ᠦᠷᠨᠢᠭᠦᠯᠳᠡᠭ ᠃
2010 ᠣᠨ ᠤ 7 ᠰᠠᠷ᠎ᠠ ᠶᠢᠨ 26 ︱ 27 ᠤ ᠡᠳᠦᠷ ᠂ ᠳᠤᠮᠳᠠᠳᠤ ᠮᠣᠩᠭᠣᠯ ᠣᠷᠣᠰ ᠤᠨ ᠣᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠲᠤᠷᠠᠭᠰᠠᠨ ᠵᠦᠪᠯᠡᠯ ᠦᠨ ᠲᠠᠪᠤᠳᠤᠭᠠᠷ ᠤᠳᠠᠭ᠎ᠠ ᠶᠢᠨ ᠬᠤᠷᠠᠯ ᠮᠣᠩᠭᠣᠯ ᠤᠯᠤᠰ ᠤᠨ ᠳᠣᠷᠣᠨᠠᠲᠤ ᠮᠤᠵᠢ ᠶᠢᠨ ᠬᠣᠲᠠ ᠳᠤ ᠬᠤᠷᠠᠯᠳᠤᠪᠠ ᠃ ᠬᠤᠷᠠᠯ ᠠᠴᠠ ᠣᠯᠠᠨ ᠤᠯᠤᠰ ᠤᠨ ᠬᠠᠮᠠᠭᠠᠯᠠᠯᠲᠠ ᠶᠢᠨ ᠣᠷᠣᠨ ᠤ 2006 2010 ᠣᠨ ᠤ ᠠᠵᠢᠯ ᠤᠨ ᠮᠡᠳᠡᠭᠦᠯᠦᠯᠲᠡ ᠪᠠ ᠣᠯᠠᠨ ᠤᠯᠤᠰ ᠤᠨ ᠬᠠᠮᠠᠭᠠᠯᠠᠯᠲᠠ ᠶᠢᠨ ᠣᠷᠣᠨ ᠤ ᠳᠦᠷᠢᠮ ᠵᠢᠴᠢ ᠬᠠᠮᠲᠤᠷᠠᠭᠰᠠᠨ ᠵᠦᠪᠯᠡᠯ ᠳᠦᠷᠢᠮ ᠳᠦ ᠵᠠᠰᠠᠪᠤᠷᠢ ᠣᠷᠣᠭᠤᠯᠬᠤ ᠨᠣᠣᠷᠠᠭ ︵ ᠣᠷᠣᠰ ᠤᠨ ᠲᠠᠯ᠎ᠠ ᠲᠤᠭᠤᠷᠪᠢᠪᠠ︶ ᠢ ᠶᠠᠷᠢᠯᠴᠠᠵᠤ ᠂ ᠣᠯᠠᠨ ᠤᠯᠤᠰ ᠤᠨ ᠬᠠᠮᠠᠭᠠᠯᠠᠯᠲᠠ ᠶᠢᠨ ᠣᠷᠣᠨ ᠤ 2011 2012 ᠣᠨ ᠤ ᠠᠵᠢᠯ ᠤᠨ ᠲᠥᠯᠥᠪᠯᠡᠭᠡ ᠶᠢ ᠵᠥᠪᠰᠢᠶᠡᠷᠡᠪᠡ ᠃
2015 ᠣᠨ ᠤ 12 ᠰᠠᠷ᠎ᠠ ᠶᠢᠨ 1 ︱ 3 ᠤ ᠡᠳᠦᠷ ᠂ ᠳᠤᠮᠳᠠᠳᠤ ᠮᠣᠩᠭᠣᠯ ᠣᠷᠣᠰ ᠤᠨ ᠣᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠲᠤᠷᠠᠭᠰᠠᠨ ᠵᠦᠪᠯᠡᠯ ᠦᠨ ᠵᠢᠷᠭᠤᠳᠤᠭᠠᠷ ᠤᠳᠠᠭᠠᠨ ᠤ ᠬᠤᠷᠠᠯ ᠳᠤᠮᠳᠠᠳᠤ ᠤᠯᠤᠰ ᠤᠨ ᠬᠥᠯᠥᠨ ᠪᠣᠶᠢᠷ ᠬᠣᠲᠠ ᠶᠢᠨ ᠬᠠᠶᠢᠯᠠᠷ ᠲᠣᠭᠣᠷᠢᠭ ᠲᠤ ᠶᠠᠪᠤᠭᠳᠠᠪᠠ ᠃ ᠬᠤᠷᠠᠯ ᠠᠴᠠ ᠤᠯᠠᠨ ᠤᠯᠤᠰ ᠤᠨ ᠬᠠᠮᠠᠭᠠᠯᠠᠯᠲᠠ ᠶᠢᠨ ᠣᠷᠣᠨ ᠤ 2010︱2015 ᠣᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠵᠤ᠂ ᠤᠯᠠᠨ ᠤᠯᠤᠰ ᠤᠨ ᠬᠠᠮᠠᠭᠠᠯᠠᠯᠲᠠ ᠶᠢᠨ ᠣᠷᠣᠨ ᠤ 2016︱2020 ᠣᠨ ᠤ ᠠᠵᠢᠯ ᠤᠨ ᠲᠥᠯᠥᠪᠵᠢᠭᠦᠯᠭᠡ ᠶᠢ ᠵᠥᠪᠰᠢᠶᠡᠷᠡᠪᠡ᠃
2019 ᠣᠨ ᠳᠤ᠂ ᠳᠤᠮᠳᠠᠳᠤ ᠮᠣᠩᠭᠣᠯ ᠤᠷᠤᠰ ᠤᠨ ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠲᠤᠷᠠᠭᠰᠠᠨ ᠵᠦᠪᠯᠡᠯ ᠦᠨ ᠳᠣᠯᠣᠳᠤᠭᠠᠷ ᠤᠳᠠᠭ᠎ᠠ ᠶᠢᠨ ᠬᠤᠷᠠᠯ ᠤᠷᠤᠰ ᠤᠨ ᠴᠢᠲ᠋ᠠ ᠬᠤᠳᠠ ᠳᠤ ᠬᠤᠷᠠᠯᠳᠤᠵᠤ᠂ ᠠᠮᠢ ᠠᠬᠤᠢ ᠣᠷᠴᠢᠨ ᠲᠣᠭᠣᠷᠢᠨ ᠤ ᠶᠠᠮᠤᠨ ᠤ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠵᠤᠷᠭᠠᠨ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠣᠷᠢᠨ ᠤ ᠲᠢᠩᠬᠢᠮ᠂ ᠬᠥᠯᠥᠨ ᠨᠠᠭᠤᠷ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠢ᠎ᠠ ᠪᠠᠷ ᠪᠦᠷᠢᠯᠳᠦᠭᠰᠡᠨ ᠳᠤᠮᠳᠠᠳᠤ ᠶᠢᠨ ᠲᠠᠯ᠎ᠠ ᠶᠢᠨ ᠲᠥᠯᠥᠭᠡᠯᠡᠭᠴᠢᠳ ᠦᠨ ᠪᠦᠯᠬᠦᠮ ᠬᠤᠷᠠᠯ ᠳᠤ ᠣᠷᠣᠯᠴᠠᠪᠠ᠃ ᠭᠤᠷᠪᠠᠨ ᠤᠯᠤᠰ ᠢᠶᠠᠷ ᠢᠶᠠᠨ ᠳᠤᠮᠳᠠᠳᠤ ᠮᠣᠩᠭᠣᠯ ᠤᠷᠤᠰ ᠤᠨ ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 2020 ︱ 2024 ᠬᠠᠮᠲᠤᠷᠠᠯᠴᠠᠭᠠᠨ ᠤ ᠲᠥᠯᠥᠪᠵᠢᠭᠦᠯᠭᠡ᠂ ᠬᠠᠮᠲᠤᠷᠠᠭᠰᠠᠨ ᠵᠥᠪᠯᠡᠯ ᠦᠨ ᠳᠣᠯᠣᠳᠤᠭᠠᠷ ᠤᠳᠠᠭ᠎ᠠ ᠶᠢᠨ ᠬᠤᠷᠠᠯ ᠤᠨ ᠲᠣᠪᠴᠢ ᠵᠡᠷᠭᠡ ᠳᠦ ᠭᠠᠷ ᠤᠨ ᠦᠰᠦᠭ ᠵᠢᠷᠤᠪᠠ᠃ ᠬᠤᠷᠠᠯ ᠠᠴᠠ ᠳᠤᠮᠳᠠᠳᠤ ᠮᠣᠩᠭᠣᠯ ᠤᠷᠤᠰ ᠤᠨ ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ᠂ ᠤᠬᠠᠭᠤᠯᠭ᠎ᠠ ᠬᠥᠮᠦᠵᠢᠯ ᠵᠡᠷᠭᠡ ᠠᠵᠢᠯ ᠢ ᠬᠠᠮᠲᠤᠪᠡᠷ ᠳᠤᠮᠳᠠᠳᠤ ᠮᠣᠩᠭᠣᠯ ᠣᠷᠣᠰ ᠤᠨ ᠣᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠡᠷᠬᠢᠨ ᠲᠣᠭᠣᠷᠢᠨ ᠤ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠣᠷᠢᠨ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠨ᠎ᠠ ᠃