ᠵᠤᠬᠢᠶᠠᠭᠴᠢ:
ᠴᠠᠭ:2024-01-12
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠮᠠᠷᠲᠠᠵᠤ ᠪᠣᠯᠤᠰᠢ ᠦᠭᠡᠢ ᠰᠣᠶᠣᠯ · ᠬᠤᠪᠢᠰᠬᠠᠯᠴᠢᠳ ᠤᠨ ᠴᠠᠳᠢᠭ— ᠨᠢᠩ ᠳ᠋ᠧ ᠴᠢᠩ
ᠨᠢᠩ ᠳ᠋ᠧ ᠴᠢᠩ ︵1910︱1945︶᠂ ᠤᠤᠯ ᠨᠡᠷ᠎ᠡ ᠨᠢ ᠨᠢᠩ ᠪᠢᠩ ᠱᠧᠨ᠂ ᠪᠤᠷᠤᠭᠤᠯᠠᠭᠰᠠᠨ ᠨᠡᠷ᠎ᠡ ᠨᠢ ᠶᠧ ᠮᠣᠣ᠂ ᠡᠷᠡᠭᠲᠡᠢ᠂ ᠬᠢᠲᠠᠳ ᠦᠨᠳᠦᠰᠦᠲᠡᠨ᠂ ᠱᠠᠨ ᠰᠢ ᠮᠤᠵᠢ ᠶᠢᠨ ᠵᠢᠱᠠᠨ ᠰᠢᠶᠠᠨ ᠤ ᠬᠥᠮᠥᠨ᠂ ᠪᠢᠴᠢᠭ ᠤᠨ ᠰᠤᠷᠪᠤᠯᠵᠢᠲᠠᠨ ᠤ ᠭᠡᠷ ᠤᠨ ᠭᠠᠷᠤᠯ ᠲᠠᠢ᠃
ᠨᠢᠩ ᠳ᠋ᠧ ᠴᠢᠩ 1925 ᠣᠨ ᠳᠤ ᠱᠠᠨ ᠰᠢ ᠮᠤᠵᠢ ᠶᠢᠨ ᠰᠢᠨᠵᠢᠶᠠᠩ ᠰᠢᠶᠠᠨ ᠤ ᠵᠢᠶᠠᠩᠶᠤᠸᠠᠨ ᠳᠤᠮᠳᠠᠳᠤ ᠰᠤᠷᠭᠠᠭᠤᠯᠢ ᠳᠤ ᠰᠤᠷᠤᠯᠴᠠᠪᠠ᠃ 1926 ᠣᠨ ᠳᠤ ᠳᠤᠮᠳᠠᠳᠤ ᠤᠯᠤᠰ ᠤᠨ ᠭᠤᠮᠢᠨᠳᠠᠩ ᠳᠤ ᠣᠷᠣᠪᠠ᠃ 1929 ᠣᠨ ᠳᠤ ᠲᠡᠷᠡ ᠱᠠᠨ ᠰᠢ ᠮᠤᠵᠢ ᠶᠢᠨ ᠲᠠᠶᠢᠶᠤᠸᠠᠨ ᠬᠤᠲᠠ ᠶᠢᠨ ᠶᠢᠨ ᠱᠠᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ᠂ ᠵᠠᠷᠢᠮ ᠳᠠᠪᠰᠢᠩᠭᠤᠢ ᠨᠣᠮ ᠰᠡᠳᠬᠦᠯ ᠤᠳ ᠢ ᠣᠩᠰᠢᠵᠤ ᠳᠠᠪᠰᠢᠩᠭᠤᠢ ᠦᠵᠡᠯ ᠰᠠᠨᠠᠭ᠎ᠠ ᠶᠢ ᠬᠦᠯᠢᠶᠡᠨ ᠠᠪᠴᠠᠢ᠃ 1931 ᠣᠨ ᠳᠤ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠯᠪᠤᠷᠢ ᠳᠤ ᠰᠢᠯᠭᠠᠨ ᠣᠷᠤᠵᠤ᠂ ᠰᠤᠷᠤᠭᠴᠢᠳ ᠤᠨ ᠡᠬᠡ ᠣᠷᠣᠨᠴᠢ ᠬᠥᠳᠡᠯᠭᠡᠭᠡᠨ ᠤ ᠨᠥᠯᠥᠭᠡ ᠶᠢ ᠬᠦᠷᠲᠡᠵᠡᠢ᠃ 1935 ᠣᠨ ᠳᠤ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠲᠠᠶᠢᠶᠤᠸᠠᠨ ᠳᠠᠭᠠᠨ ᠪᠤᠴᠠᠵᠤ᠂ ᠮᠠᠨ ᠤ ᠨᠠᠮ ᠤᠨ ᠡᠵᠡᠮᠰᠢᠵᠦ ᠪᠠᠶᠢᠭᠰᠠᠨ ᠲᠠᠶᠢᠶᠤᠸᠠᠨ ᠤ ᠴᠧᠩ ᠴᠧᠩ ᠳᠤᠮᠳᠠᠳᠤ ᠰᠤᠷᠭᠠᠭᠤᠯᠢ ᠳᠤ ᠪᠠᠭᠰᠢᠯᠠᠪᠠ᠃ 1937 ᠣᠨ ᠤ 8 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠃
1937 ᠣᠨ ᠤ 9 ᠳ᠋ᠤᠭᠡᠷ ᠰᠠᠷ᠎ᠠ ᠳᠤ᠂ ᠶᠠᠫᠤᠨ ᠤ ᠨᠢᠰᠬᠡᠯ ᠲᠠᠶᠢᠶᠤᠸᠠᠨ ᠢ ᠳᠡᠯᠪᠡᠴᠢᠭᠰᠡᠨ ᠤ ᠲᠠᠷᠠᠭ᠎ᠠ᠂ ᠨᠢᠩ ᠳ᠋ᠧ ᠴᠢᠩ ᠴᠧᠩ ᠴᠧᠩ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠢ ᠲᠠᠭᠠᠵᠤ ᠲᠠᠶᠢᠶᠤᠸᠠᠨ ᠠᠴᠠ ᠤᠬᠤᠷᠢᠨ ᠭᠠᠷᠪᠠ᠃ 10 ᠳ᠋ᠤᠭᠠᠷ ᠰᠠᠷ᠎ᠠ ᠶᠢᠨ ᠳᠤᠮᠳᠠᠴᠢ ᠪᠠᠷ᠂ ᠴᠧᠩ ᠴᠧᠩ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠶᠠᠫᠤᠨ ᠢ ᠡᠰᠡᠷᠭᠦᠴᠡᠬᠦ ᠵᠢᠷᠤᠮ ᠤᠨ ᠠᠩᠭᠢ ᠪᠠᠶᠢᠭᠤᠯᠤᠭᠳᠠᠪᠠ᠃ 11 ᠳ᠋ᠤᠭᠡᠷ ᠰᠠᠷ᠎ᠠ ᠳᠤ᠂ ᠶᠠᠫᠤᠨ ᠢ ᠡᠰᠡᠷᠭᠦᠴᠡᠬᠦ ᠵᠢᠷᠤᠮ ᠤᠨ ᠠᠩᠭᠢ ᠶᠢ ᠵᠢᠩᠬᠢᠨᠢ ᠪᠠᠷ ᠬᠤᠶᠠᠳᠤᠭᠠᠷ ᠪᠠᠶᠢᠯᠳᠤᠭᠠᠨ ᠤ ᠲᠣᠭᠤᠷᠢᠭ ᠤᠨ ᠦᠨᠳᠦᠰᠦᠲᠡᠨ ᠤ ᠬᠤᠪᠢᠰᠬᠠᠯᠲᠤ ᠳᠠᠶᠢᠨ ᠤ ᠪᠠᠶᠢᠯᠳᠤᠭᠠᠨ ᠤ ᠭᠠᠵᠠᠷ ᠤᠨ ᠶᠡᠷᠦᠩᠬᠡᠢ ᠳᠠᠶᠢᠴᠢᠯᠠᠯᠲᠠ ᠶᠢᠨ ᠺᠣᠮᠢᠰ ᠤᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠳᠥᠷᠪᠡᠳᠦᠭᠡᠷ ᠰᠠᠯᠪᠤᠷᠢ ᠠᠩᠭᠢ ᠪᠣᠯᠭᠠᠨ ᠴᠡᠭᠴᠡᠯᠡᠨ ᠪᠠᠶᠢᠭᠤᠯᠵᠤ᠂ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠯᠢᠦ ᠷᠦ ᠰᠠᠯᠪᠤᠷᠢ ᠠᠩᠭᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠨᠢᠩ ᠳ᠋ᠧ ᠴᠢᠩ ᠤᠯᠤᠰ ᠲᠦᠷᠥ ᠶᠢᠨ ᠭᠠᠵᠠᠷ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠪᠠ᠃ 1938 ᠣᠨ ᠳᠤ ᠴᠧᠩ ᠴᠧᠩ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠰᠠᠯᠪᠤᠷᠢ ᠠᠩᠭᠢ ᠪᠠ ᠨᠠᠢᠮᠠᠳᠤᠭᠠᠷ ᠵᠠᠮ ᠤᠨ ᠴᠡᠷᠢᠭ ᠤᠨ ᠳᠠᠯᠠᠨ ᠬᠠᠷ᠎ᠠ ᠠᠭᠤᠯᠠ ᠶᠢᠨ ᠰᠠᠯᠪᠤᠷᠢ ᠠᠩᠭᠢ ᠬᠠᠮᠲᠤ ᠪᠠᠷ ᠰᠦᠢᠶᠤᠸᠠᠨ ᠤ ᠳᠠᠶᠢᠰᠤᠨ ᠤ ᠡᠵᠡᠯᠡᠭᠰᠡᠨ ᠣᠷᠣᠨ ᠳᠤ ᠳᠦᠷᠢᠨ ᠤᠷᠤᠵᠤ᠂ ᠨᠢᠩ ᠳ᠋ᠧ ᠴᠢᠩ ᠴᠦ ᠠᠩᠭᠢ ᠪᠠᠨ ᠲᠠᠭᠠᠵᠤ ᠲᠠᠯᠠᠨ ᠬᠠᠷ᠎ᠠ ᠠᠭᠤᠯᠠᠨ ᠳᠤ ᠢᠷᠡᠪᠡ᠃
1939 ᠣᠨ ᠤ 5 ᠳ᠋ᠤᠭᠠᠷ ᠰᠠᠷ᠎ᠠ ᠳᠤ᠂ ᠨᠢᠩ ᠳ᠋ᠧ ᠴᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠮᠤᠵᠢ ᠶᠢᠨ ᠬᠤᠷᠢᠶ᠎ᠠ ᠶᠢᠨ ᠲᠣᠮᠢᠯᠠᠯᠲᠠ ᠪᠠᠷ ᠬᠥᠬᠡᠬᠤᠲᠠ ᠳᠤ ᠬᠦᠷᠴᠦ᠂ ᠨᠢᠭᠤᠴᠠ ᠲᠡᠮᠡᠴᠡᠯ ᠢ ᠤᠳᠤᠷᠢᠳᠴᠤ᠂ 《ᠰᠦᠢᠶᠤᠸᠠᠨ ᠮᠣᠩᠭᠤᠯ ᠤᠨ ᠡᠯ᠎ᠡ ᠡᠲᠡᠭᠡᠳ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ》 ᠢ ᠵᠣᠬᠢᠶᠠᠨ ᠪᠠᠶᠢᠭᠤᠯᠵᠤ᠂ ᠴᠡᠷᠢᠭ ᠠᠩᠭᠢ ᠶᠢᠨ ᠴᠡᠷᠢᠭ ᠳᠠᠶᠢᠨ ᠤ ᠲᠡᠮᠡᠴᠡᠯ ᠪᠠ ᠫᠠᠷᠲ᠋ᠢᠽᠠᠨ ᠣᠷᠣᠨ ᠤ ᠠᠵᠢᠯ ᠳᠤ ᠨᠢᠭᠲᠠ ᠬᠠᠮᠵᠢᠯᠴᠠᠪᠠ᠃ 1940 ᠣᠨ ᠤ ᠡᠬᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠶᠢᠨ ᠬᠤᠷᠢᠶ᠎ᠠ ᠶᠢ ᠪᠠᠶᠢᠭᠤᠯᠵᠤ᠂ ᠨᠢᠩ ᠳ᠋ᠧ ᠴᠢᠩ ᠱᠦᠵᠢ ᠶᠢᠨ ᠲᠤᠰᠢᠶᠠᠯ ᠢ ᠬᠠᠷᠢᠭᠤᠴᠠᠪᠠ᠃ 8 ᠳ᠋ᠤᠭᠠᠷ ᠰᠠᠷ᠎ᠠ ᠳᠤ᠂ 《ᠰᠦᠢᠶᠤᠸᠠᠨ ᠮᠣᠩᠭᠤᠯ ᠤᠨ ᠡᠯ᠎ᠡ ᠡᠲᠡᠭᠡᠳ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ》ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠶᠢᠨ ᠠᠵᠢᠯ ᠤᠨ ᠬᠤᠷᠢᠶ᠎ᠠ ᠡᠪᠳᠡᠯᠡᠭᠡ ᠳᠤ ᠤᠴᠠᠷᠠᠬᠤ ᠦᠶ᠎ᠡ ᠳᠤ᠂ ᠨᠢᠩ ᠳ᠋ᠧ ᠴᠢᠩ ᠨᠠᠷ ᠯᠢᠦ ᠬᠤᠩ ᠰᠢᠶᠦ᠋ᠩ ᠤᠨ ᠨᠠᠷᠢᠨ ᠨᠢᠮᠪᠠᠢ ᠲᠣᠬᠢᠷᠠᠭᠤᠯᠭ᠎ᠠ ᠪᠠᠷ ᠬᠥᠬᠡᠬᠤᠲᠠ ᠠᠴᠠ ᠠᠮᠤᠷ ᠲᠦᠪᠰᠢᠨ ᠢᠶᠠᠷ ᠤᠬᠤᠷᠢᠨ ᠭᠠᠷᠪᠠ᠃ ᠤᠳᠠᠯ ᠦᠭᠡᠢ ᠰᠦᠢᠰᠢ ︵ᠰᠦᠢᠶᠤᠸᠠᠨ ᠤ ᠪᠠᠷᠠᠭᠤᠨ ᠣᠷᠣᠨ︶ ᠳᠤ ᠬᠦᠷᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠰᠢ ︵ᠰᠦᠢᠶᠤᠸᠠᠨ ᠤ ᠪᠠᠷᠠᠭᠤᠨ ᠣᠷᠣᠨ) ᠶᠢᠨ ᠣᠷᠣᠨ ᠨᠤᠲᠤᠭ ᠤᠨ ᠬᠤᠷᠢᠶ᠎ᠠ ᠶᠢᠨ ᠨᠡᠶᠢᠭᠡᠮ ᠤᠨ ᠬᠡᠯᠲᠡᠰ ᠤᠨ ᠳᠠᠷᠤᠭ᠎ᠠ᠂ ᠰᠦᠢᠶᠤᠸᠠᠨ ᠴᠠᠬᠠᠷ ᠤᠨ ᠲᠤᠰᠠᠭᠠᠷ ᠬᠤᠶᠠᠳᠤᠭᠠᠷ ᠰᠠᠯᠪᠤᠷᠢ ᠠᠩᠭᠢ ᠶᠢᠨ ᠳᠡᠳ᠋ ᠱᠲ᠋ᠠᠪ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1942 ᠣᠨ ᠳᠤ᠂ ᠨᠢᠩ ᠳ᠋ᠧ ᠴᠢᠩ ᠳᠠᠯᠠᠨ ᠬᠠᠷ᠎ᠠ ᠠᠭᠤᠯᠠ ᠶᠢᠨ ᠨᠢᠭᠤᠴᠠ ᠮᠡᠳᠡᠭᠡ ᠶᠢᠨ ᠵᠥᠪᠯᠡᠯ ᠤᠨ ᠭᠡᠰᠢᠭᠦᠨ ᠪᠥᠭᠡᠳ ᠤᠯᠤᠰ ᠲᠦᠷᠦ ᠶᠢᠨ ᠨᠢᠭᠤᠴᠠ ᠮᠡᠳᠡᠭᠡ ᠶᠢᠨ ᠰᠠᠯᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 8 ᠳ᠋ᠤᠭᠠᠷ ᠰᠠᠷ᠎ᠠ ᠳᠤ᠂ ᠳᠠᠯᠠᠨ ᠬᠠᠷ᠎ᠠ ᠠᠭᠤᠯᠠ ᠶᠢᠨ ᠮᠣᠷᠢᠲᠤ ᠴᠡᠷᠢᠭ ᠤᠨ ᠰᠠᠯᠪᠤᠷᠢ ᠠᠩᠭᠢ ᠶᠢ ᠲᠠᠭᠠᠨ ᠱᠠᠨ ᠰᠢ ᠶᠢᠨ ᠪᠠᠷᠠᠭᠤᠨ ᠬᠤᠶᠢᠲᠤ ᠬᠡᠰᠡᠭ ᠤᠨ ᠫᠢᠶᠠᠨ ᠭᠤᠸᠠᠨ ᠳᠤ ᠪᠤᠴᠠᠪᠠ᠃ 10 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠱᠠᠨ ᠰᠢ ᠰᠦᠢᠶᠤᠸᠠᠨ ᠤ ᠪᠠᠶᠢᠴᠠᠭᠠᠬᠤ ᠲᠣᠪᠴᠢᠶᠠᠨ ᠤ ᠲᠠᠯᠠᠨ ᠬᠠᠷ᠎ᠠ ᠠᠭᠤᠯᠠ ᠶᠢᠨ ᠨᠢᠭᠤᠴᠠ ᠮᠡᠳᠡᠭᠡ ᠶᠢᠨ ᠭᠠᠵᠠᠷ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃1943 ᠣᠨ ᠳᠤ᠂ ᠪᠠᠰᠠ ᠰᠠᠶᠢᠪᠸᠢ︵ᠠᠷᠤ ᠭᠠᠵᠠᠷ ᠪᠣᠶᠣ ᠪᠣᠭᠤᠮᠳᠠ ᠶᠢᠨ ᠠᠷᠤ︶ᠣᠷᠣᠨ ᠤ ᠠᠷᠠᠯᠵᠢᠶᠠᠨ ᠤ ᠲᠣᠪᠴᠢᠶ᠎ᠠ ᠶᠢᠨ ᠲ᠋ᠠᠷᠤᠭ᠎ᠠ ᠶᠢᠨ ᠲᠤᠰᠢᠶᠠᠯ ᠢ ᠬᠠᠷᠢᠭᠤᠴᠠᠪᠠ᠃
1945 ᠣᠨ ᠳᠤ᠂ ᠠᠵᠢᠯ ᠨᠢ ᠬᠡᠲᠦᠷᠬᠡᠢ ᠶᠠᠭᠠᠷᠠᠯᠲᠠᠢ᠂ ᠶᠠᠳᠠᠷᠠᠵᠤ ᠵᠦᠳᠡᠷᠡᠭᠰᠡᠨ ᠠᠴᠠ ᠪᠣᠯᠵᠤ ᠡᠪᠡᠳᠴᠢᠯᠡᠭᠡᠳ ᠶᠠᠫᠤᠨ ᠤ ᠨᠥᠬᠦᠴᠡᠯ ᠦᠭᠡᠢ ᠪᠠᠷ ᠪᠠᠭᠤᠵᠤ ᠥᠭᠬᠦ ᠪᠠᠷ ᠵᠠᠷᠯᠠᠬᠤ ᠶᠢᠨ ᠡᠮᠦᠨ᠎ᠡ ᠡᠳᠦᠷ᠂ 8 ᠳ᠋ᠤᠭᠠᠷ ᠰᠠᠷ᠎ᠠ ᠶᠢᠨ 13 ᠤ ᠡᠳᠦᠷ ᠫᠢᠶᠠᠨ ᠭᠤᠸᠠᠨ ᠳᠤ ᠡᠪᠡᠳᠴᠢᠨ ᠢᠶᠠᠷ ᠨᠠᠰᠤ ᠪᠠᠷᠠᠪᠠ᠂ ᠲᠤᠬᠠᠢ ᠶᠢᠨ ᠵᠢᠯ 35 ᠨᠠᠰᠤᠲᠠᠢ᠃