ᠵᠤᠬᠢᠶᠠᠭᠴᠢ:
ᠴᠠᠭ:2024-05-17
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠮᠠᠷᠲᠠᠵᠤ ᠪᠤᠯᠤᠰᠢ ᠦᠭᠡᠢ ᠲᠡᠥᠬᠡ᠂ ᠬᠤᠪᠢᠰᠬᠠᠯᠴᠢᠳ ᠤᠨ ᠴᠠᠳᠢᠭ—ᠯᠢ ᠳ᠋ᠡ ᠭᠤᠸᠠᠩ
ᠯᠢ ᠳ᠋ᠡ ᠭᠤᠸᠠᠩ︵1909 ︱ 1946︶᠂ ᠤᠤᠯ ᠨᠡᠷ᠎ᠡ ᠯᠢ ᠱᠧᠩ ᠸᠠᠩ᠂ ᠡᠷᠭᠦᠭᠰᠡᠨ ᠨᠡᠷ᠎ᠡ ᠯᠢᠶᠠᠩ ᠮᠢᠩ᠂ ᠪᠠᠭ᠎ᠠ ᠶᠢᠨ ᠨᠡᠷ᠎ᠡ ᠰᠠᠨ ᠯᠠᠮᠠ᠂ ᠡᠷᠡᠭᠲᠡᠢ᠂ ᠬᠢᠲᠠᠳ ᠦᠨᠳᠦᠰᠦᠲᠡᠨ᠂ ᠥᠪᠥᠷ ᠮᠣᠩᠭᠤᠯ ᠤᠨ ᠲᠣᠭᠲᠠᠬᠤ ᠰᠢᠶᠠᠨ ᠤ ᠵᠦᠩ ᠲᠠᠨ ᠰᠢᠶᠠᠩ ᠤᠨ ᠯᠢᠦ ᠯᠢᠨ ᠲᠠᠨ ᠤ ᠬᠥᠮᠥᠨ᠃
ᠯᠢ ᠳ᠋ᠡ ᠭᠤᠸᠠᠩ ᠪᠠᠭ᠎ᠠ ᠳᠠᠭᠠᠨ ᠲᠣᠭᠲᠠᠬᠤ ᠰᠢᠶᠠᠨ ᠤ ᠾᠧᠺᠸᠤ ᠪᠠᠯᠭᠠᠰᠤᠨ ᠤ ᠪᠠᠭ᠎ᠠ ᠰᠤᠷᠭᠠᠭᠤᠯᠢ ᠳᠤ ᠪᠢᠴᠢᠭ ᠦᠵᠡᠵᠦ᠂ 1926 ᠣᠨ ᠤ ᠡᠬᠢ ᠪᠠᠷ ᠬᠦᠢᠰᠦ᠋ᠢ ᠳᠤᠮᠳᠠᠳᠤ ᠰᠤᠷᠭᠠᠭᠤᠯᠢ ᠳᠤ ᠰᠢᠯᠭᠠᠨ ᠣᠷᠣᠵᠠᠢ᠃ 1927 ᠣᠨ ᠳᠤ ᠰᠦᠢᠶᠤᠸᠠᠨ ᠤ ᠪᠠᠭᠰᠢ ᠶᠢᠨ ᠰᠤᠷᠭᠠᠭᠤᠯᠢ ᠳᠤ ᠰᠢᠯᠵᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ ᠃ 10 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠤ ᠣᠨᠴᠠᠭᠠᠢ ᠡᠭᠦᠷ ᠤᠨ ᠤᠳᠤᠷᠢᠳᠤᠯᠭ᠎ᠠ ᠶᠢᠨ ᠳᠣᠣᠷ᠎ᠠ ᠬᠤᠪᠢᠰᠬᠠᠯ ᠤᠨ ᠠᠵᠢᠯᠯᠠᠭ᠎ᠠ ᠪᠠᠨ ᠦᠷᠭᠦᠯᠵᠢᠯᠡᠨ ᠪᠠᠷᠢᠮᠲᠠᠯᠠᠪᠠ᠃
1930 ᠣᠨ ᠤ ᠵᠤᠨ᠂ ᠯᠢ ᠳ᠋ᠡ ᠭᠤᠸᠠᠩ ᠪᠸᠢᠢᠫᠢᠩ ᠤᠨ ᠬᠤᠩ ᠳ᠋ᠠ ᠰᠤᠷᠭᠠᠭᠤᠯᠢ ᠳᠤ ᠰᠢᠯᠭᠠᠭᠤᠯᠤᠨ ᠣᠷᠣᠵᠤ ᠪᠢᠴᠢᠭ ᠦᠵᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠾᠧᠪᠧᠢ ᠮᠤᠵᠢ ᠶᠢᠨ ᠬᠤᠷᠢᠶ᠎ᠠ ᠲᠠᠢ ᠬᠤᠯᠪᠣᠭ᠎ᠠ ᠠᠪᠤᠪᠠ᠃ 1932 ᠣᠨ ᠤ 5 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠾᠥ᠋ᠪᠸᠢ ᠮᠤᠵᠢ ᠶᠢᠨ ᠬᠣᠷᠢᠶ᠎ᠠ ᠶᠢᠨ ᠲᠣᠮᠢᠯᠠᠯᠲᠠ ᠪᠠᠷ ᠯᠢ ᠳ᠋ᠡ ᠭᠤᠸᠠᠩ ᠢ ᠰᠦᠢᠶᠤᠸᠠᠨ ᠳᠤ ᠪᠤᠴᠠᠭᠠᠨ ᠠᠵᠢᠯᠯᠠᠭᠤᠯᠪᠠ᠃ 1933 ᠣᠨ ᠤ 4 ᠳ᠋ᠤᠭᠡᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠢᠰᠦ᠋ᠢ ᠲᠦᠪ ᠰᠢᠶᠠᠨ ᠤ ᠨᠠᠮ ᠤᠨ ᠬᠤᠷᠢᠶ᠎ᠠ ᠡᠪᠳᠡᠭᠳᠡᠪᠡ᠃ ᠨᠠᠮᠤᠷ ᠨᠢ᠂ ᠯᠢ ᠳ᠋ᠡ ᠭᠤᠸᠠᠩ ᠬᠥᠬᠡᠬᠤᠲᠠ ᠳᠤ ᠪᠠᠷᠢᠪᠴᠢᠯᠠᠭᠳᠠᠪᠠ᠃ ᠭᠢᠨᠳᠠᠨ ᠠᠴᠠ ᠣᠷᠭᠤᠭᠠᠳ ᠠᠮᠵᠢᠯᠲᠠ ᠣᠯᠣᠭᠰᠠᠨ ᠤ ᠲᠠᠷᠠᠭ᠎ᠠ᠂ ᠡᠮᠴᠢᠯᠡᠬᠦ ᠨᠡᠷ᠎ᠡ ᠪᠠᠷ ᠲᠦᠮᠡᠳ ᠤᠨ ᠬᠥᠳᠡᠭᠡ ᠲᠣᠰᠬᠤᠨ᠂ ᠪᠤᠭᠤᠲᠤ ᠪᠣᠯᠣᠨ ᠲᠠᠯᠠᠨ ᠬᠠᠷ᠎ᠠ ᠠᠭᠤᠯᠠ ᠶᠢᠨ ᠠᠷᠤ ᠳᠤ ᠠᠵᠢᠯᠯᠠᠭ᠎ᠠ ᠬᠢᠪᠡ᠃
1938 ᠣᠨ ᠤ 9 ᠳ᠋ᠤᠭᠡᠷ ᠰᠠᠷ᠎ᠠ ᠳᠤ᠂ ᠨᠠᠢᠮᠠᠳᠤᠭᠠᠷ ᠵᠠᠮ ᠤᠨ ᠴᠡᠷᠢᠭ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠢ ᠨᠡᠭᠡᠭᠡᠭᠰᠡᠨ ᠤ ᠳᠠᠷᠠᠭ᠎ᠠ᠂ ᠯᠢ ᠳ᠋ᠡ ᠭᠤᠸᠠᠩ ᠨᠠᠮ ᠤᠨ ᠵᠣᠬᠢᠶᠠᠨ ᠪᠠᠶᠢᠭᠤᠯᠤᠯᠲᠠ ᠲᠠᠢ ᠬᠤᠯᠪᠣᠭ᠎ᠠ ᠠᠪᠴᠤ᠂ ᠲᠣᠭᠲᠠᠬᠤ ᠰᠢᠶᠡᠨ ᠪᠤᠴᠠᠨ ᠢᠷᠡᠵᠦ ᠤᠯᠠᠨ ᠲᠦᠮᠡᠨ ᠤ ᠶᠠᠫᠤᠨ ᠢ ᠡᠰᠡᠷᠭᠦᠴᠡᠬᠦ ᠠᠵᠢᠯ ᠢ ᠥᠷᠨᠢᠭᠦᠯᠪᠡ᠃
1940 ᠣᠨ ᠤ 6᠂ 7 ᠳ᠋ᠤᠭᠠᠷ ᠰᠠᠷ᠎ᠠ ᠶᠢᠨ ᠬᠤᠭᠤᠷᠣᠨᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠣᠷᠣᠨ ᠤ ᠬᠤᠷᠢᠶ᠎ᠠ ᠠᠴᠠ ᠳᠠᠯᠠᠨ ᠬᠠᠷ᠎ᠠ ᠣᠷᠣᠨ ᠤ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢ ᠨᠢᠭᠡᠳᠦᠯᠲᠡᠢ ᠤᠳᠤᠷᠢᠳᠬᠤ ᠶᠢᠨ ᠲᠥᠯᠥᠭᠡ᠂ ᠰᠦᠢᠶᠤᠸᠠᠨ ᠴᠠᠬᠠᠷ ᠤᠨ ᠲᠤᠰᠠᠭᠠᠷ ᠬᠤᠶᠠᠳᠤᠭᠠᠷ ᠰᠠᠯᠪᠤᠷᠢ ᠠᠩᠭᠢ ᠶᠢ ᠪᠠᠶᠢᠭᠤᠯᠵᠤ᠂ ᠯᠢ ᠳ᠋ᠡ ᠭᠤᠸᠠᠩ ᠱᠲ᠋ᠠᠪ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠨᠠᠮᠤᠷ ᠠᠴᠠ᠂ ᠯᠢ ᠳ᠋ᠡ ᠭᠤᠸᠠᠩ ᠨᠢᠭᠡᠨ ᠰᠠᠯᠠᠭ᠎ᠠ ᠫᠠᠷᠲ᠋ᠢᠽᠠᠨ ᠠᠩᠭᠢ ᠶᠢ ᠳᠠᠭᠠᠭᠤᠯᠤᠨ ᠬᠥᠬᠡᠬᠤᠲᠠ᠂ ᠲᠣᠭᠲᠠᠬᠤ᠂ ᠬᠤᠷᠢᠨᠭᠡᠷ ᠭᠤᠷᠪᠠᠯᠵᠢᠨ ᠣᠷᠣᠨ ᠢᠶᠠᠷ ᠫᠠᠷᠲ᠋ᠢᠽᠠᠨ ᠳᠠᠶᠢᠨ ᠥᠷᠨᠢᠭᠦᠯᠵᠦ᠂ ᠲᠦᠸᠧ ᠾᠧ ᠴᠢᠩ ᠰᠢᠶᠠᠨ︵ᠶᠠᠫᠤᠨ ᠢ ᠡᠰᠡᠷᠭᠦᠴᠡᠬᠦ ᠲᠠᠶᠢᠨ ᠤ ᠦᠶ᠎ᠡ ᠳᠤ ᠰᠦᠢᠶᠤᠸᠠᠨ ᠤ ᠡᠮᠦᠨᠡᠲᠦ ᠬᠡᠰᠡᠭ ᠤᠨ ᠲᠤᠰᠬᠠᠢ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠬᠠᠷᠢᠶᠠᠨ ᠲᠠᠬᠢ ᠳᠦᠷᠪᠡᠨ ᠰᠢᠶᠠᠨ ᠤ ᠨᠢᠭᠡ︶ᠱᠦᠵᠢ ᠯᠢ ᠶᠦᠨ ᠯᠦᠩ᠂ ᠰᠢᠶᠠᠨ ᠤ ᠳᠠᠷᠤᠭ᠎ᠠ ᠶᠠᠩ ᠴᠢ ᠱᠠᠨ ᠲᠠᠢ ᠬᠠᠮᠵᠢᠯᠴᠠᠨ ᠣᠷᠣᠨ ᠨᠤᠲᠤᠭ ᠤᠨ ᠠᠵᠢᠯ ᠢ ᠥᠷᠨᠢᠭᠦᠯᠵᠡᠢ᠃ 1942 ᠣᠨ ᠳᠤ ᠶᠠᠫᠤᠨ ᠢ ᠡᠰᠡᠷᠭᠦᠴᠡᠬᠦ ᠲᠠᠶᠢᠨ ᠬᠦᠴᠢᠷᠳᠡᠯ ᠲᠠᠢ ᠦᠶ᠎ᠡ ᠳᠤ ᠣᠷᠣᠭᠰᠠᠨ ᠤ ᠲᠠᠷᠠᠭ᠎ᠠ᠂ ᠯᠢ ᠳ᠋ᠡ ᠭᠤᠸᠠᠩ 《ᠨᠢᠭᠤᠴᠠ ᠳᠣᠷᠣ ᠶᠢᠨ ᠪᠣᠳᠣᠯᠭ᠎ᠠ》ᠪᠠᠨ ᠪᠠᠷᠢᠮᠲᠠᠯᠠᠵᠤ᠂ ᠲᠣᠭᠲᠠᠬᠤ ᠪᠠ ᠬᠤᠷᠢᠨᠭᠡᠷ ᠣᠷᠴᠢᠮ ᠢᠶᠠᠷ ᠶᠠᠫᠤᠨ ᠢ ᠡᠰᠡᠷᠭᠦᠴᠡᠬᠦ ᠠᠵᠢᠯᠯᠠᠭ᠎ᠠ ᠥᠷᠨᠢᠭᠦᠯᠪᠡ᠃
1945 ᠣᠨ ᠤ ᠰᠡᠭᠦᠯᠴᠢ ᠪᠠᠷ᠂ ᠮᠠᠭᠤ ᠡᠲᠡᠭᠡᠳ ᠨᠢᠭᠤᠴᠠ ᠶᠢ ᠵᠠᠳᠠᠷᠠᠭᠤᠯᠤᠭᠰᠠᠨ ᠠᠴᠠ ᠭᠤᠮᠢᠨᠳᠠᠩ ᠤᠨ ᠲᠡᠷᠰᠯᠡᠭᠦᠴᠦᠳ ᠲᠤ ᠪᠠᠷᠢᠪᠴᠢᠯᠠᠭᠳᠠᠭᠠᠳ᠂ ᠬᠥᠬᠡᠬᠤᠲᠠ ᠳᠤ ᠠᠪᠠᠴᠢᠵᠤ ᠬᠤᠷᠢᠪᠠ᠃ 1946 ᠣᠨ ᠳᠤ ᠠᠯᠠᠭᠳᠠᠵᠤ᠂ ᠪᠡᠶ᠎ᠡ ᠦᠷᠡᠭᠳᠡᠬᠦ ᠦᠶ᠎ᠡ ᠳᠡᠭᠡᠨ 37 ᠨᠠᠰᠤᠲᠠᠢ ᠪᠠᠶᠢᠪᠠ᠃