ᠵᠤᠬᠢᠶᠠᠭᠴᠢ:
ᠴᠠᠭ:2024-10-31
ᠥᠵᠡᠭᠰᠡᠨ : ℃
ᠢᠷᠡᠯᠲᠡ: ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
ᠬᠠᠭᠤᠴᠢ ᠰᠤᠳᠤᠯᠤᠯ ᠤᠨ ᠴᠢᠬᠤᠯᠠ ᠶᠡᠭᠡ ᠢᠯᠡᠷᠡᠭᠦᠯᠦᠯᠲᠡ︕ ᠤᠯᠠᠭᠠᠨᠬᠠᠳᠠ ᠬᠤᠳᠠ ᠠᠴᠠ ᠵᠠᠭᠤ ᠭᠠᠷᠤᠢ ᠬᠤᠨᠭ᠍ᠱᠠᠨ ᠰᠣᠶᠣᠯ ᠤᠨ ᠬᠠᠰ ᠡᠳ᠋ᠯᠡᠯ ᠢ ᠢᠯᠡᠷᠡᠭᠦᠯᠪᠡ
ᠥᠪᠥᠷ ᠮᠣᠩᠭᠤᠯ ᠤᠨ ᠤᠯᠠᠭᠠᠨᠬᠠᠳᠠ ᠬᠤᠳᠠ ᠶᠢᠨ ᠵᠡᠭᠦᠨ ᠡᠮᠦᠨᠡᠲᠦ ᠬᠡᠰᠡᠭ ᠤᠨ ᠠᠤᠬᠠᠨ ᠬᠤᠰᠢᠭᠤᠨ ᠳᠤ᠂ ᠨᠢᠭᠡᠨ ᠪᠦᠷᠢᠨ ᠪᠦᠲᠦᠨ ᠬᠠᠳᠠᠭᠠᠯᠠᠭᠳᠠᠭᠰᠠᠨ ᠬᠤᠨᠭ᠍ᠱᠠᠨ ᠰᠣᠶᠣᠯ ᠤᠨ ᠰᠡᠭᠦᠯᠴᠢ ᠶᠢᠨ ᠬᠤᠭᠤᠴᠠᠭᠠᠨ ᠤ ᠴᠢᠯᠠᠭᠤᠨ ᠪᠤᠯᠠᠰᠢ ᠶᠢᠨ ᠨᠢᠭᠤᠴᠠᠭᠠᠢ ᠨᠢᠭᠤᠷ ᠤᠨ ᠱᠠ ᠶᠢ ᠰᠡᠬᠦᠪᠡ
— 9 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠭᠦᠭᠡᠬᠤᠲᠠ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠩᠱᠠᠨ ᠤ ᠰᠣᠶᠣᠯ ᠤᠨ ᠬᠠᠭᠤᠴᠢ ᠰᠤᠳᠤᠯᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠨᠡᠶᠢᠲᠡᠯᠡᠪᠡ᠃
— 2024 ᠣᠨ ᠤ 4 ᠰᠠᠷ᠎ᠠ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠪᠦᠯᠭᠦᠮ ᠠᠴᠠ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠳᠤ 4 ᠰᠠᠷ᠎ᠠ ᠶᠢᠨ ᠬᠤᠭᠤᠴᠠᠭ᠎ᠠ ᠲᠠᠢ ᠬᠠᠭᠤᠴᠢ ᠰᠤᠳᠤᠯᠤᠯ ᠤᠨ ᠪᠠᠶᠢᠴᠠᠭᠠᠯᠲᠠ ᠬᠢᠵᠡᠢ᠃
ᠬᠠᠭᠤᠴᠢ ᠰᠤᠳᠤᠯᠤᠯ ᠤᠨ ᠪᠦᠯᠭᠦᠮ ᠤᠨ ᠬᠢᠨ ᠠᠤᠬᠠᠨ ᠬᠤᠰᠢᠭᠤᠨ ᠳᠤ ᠬᠤᠨᠭ᠍ᠱᠠᠨ ᠰᠣᠶᠣᠯ ᠤᠨ ᠰᠡᠭᠦᠯᠴᠢ ᠶᠢᠨ ᠦᠶ᠎ᠡ ᠶᠢᠨ ᠴᠢᠯᠠᠭᠤᠨ ᠪᠤᠯᠠᠰᠢ ᠶᠢ ᠪᠦᠷᠢᠨ ᠭᠦᠢᠴᠡᠳ ᠢᠯᠡᠷᠡᠭᠦᠯᠵᠦ᠂ ᠨᠢᠭᠡ ᠯᠡ ᠤᠳᠠᠭ᠎ᠠ ᠳᠤ ᠵᠠᠭᠤ ᠭᠠᠷᠤᠢ ᠬᠤᠨᠭ᠍ᠱᠠᠨ ᠰᠣᠶᠣᠯ ᠤᠨ ᠬᠠᠰ ᠡᠳ᠋ᠯᠡᠯ ᠢ ᠢᠯᠡᠷᠡᠭᠦᠯᠵᠦ᠂ ᠡᠮᠦᠨᠡᠬᠢ ᠬᠡᠰᠡᠭ ᠨᠢ ᠳᠥᠷᠪᠡᠯᠵᠢᠨ ᠬᠤᠶᠢᠨᠠᠬᠢ ᠬᠡᠰᠡᠭ ᠨᠢ ᠲᠣᠭᠤᠷᠢᠭ᠂ ᠡᠮᠦᠨᠡᠬᠢ ᠬᠡᠰᠡᠭ ᠨᠢ ᠮᠠᠨᠳᠠᠯ ᠬᠤᠶᠢᠨᠠᠬᠢ ᠬᠡᠰᠡᠭ ᠨᠢ ᠪᠤᠯᠠᠰᠢ ᠪᠣᠯᠣᠨ ᠲᠠᠭᠢᠯᠭ᠎ᠠ ᠶᠢ ᠨᠢᠭᠡ ᠴᠣᠭᠴᠠᠵᠢᠭᠤᠯᠤᠭᠰᠠᠨ ᠪᠠᠷᠢᠯᠭ᠎ᠠ ᠶᠢᠨ ᠦᠯᠡᠳᠡᠭᠳᠡᠯ ᠢ ᠠᠩᠬ᠎ᠠ ᠢᠯᠡᠷᠡᠭᠦᠯᠵᠦ᠂ ᠲᠤᠰ ᠪᠠᠷᠢᠯᠭ᠎ᠠ ᠶᠢᠨ ᠪᠠᠶᠢᠷᠢᠰᠢᠭᠤᠯᠤᠯᠲᠠ ᠶᠢᠨ ᠣᠨᠴᠠᠯᠢᠭ ᠪᠣᠯᠣᠨ ᠪᠠᠷᠢᠯᠭ᠎ᠠ ᠶᠢᠨ ᠲᠡᠰ ᠳᠠᠷᠠᠭᠠᠯᠠᠯ ᠢ ᠦᠨᠳᠦᠰᠦᠨ ᠳᠡᠭᠡᠨ ᠢᠯᠭᠠᠨ ᠲᠣᠳᠣᠯᠠᠪᠠ᠃
ᠥᠪᠡᠷᠲᠡᠭᠡᠨ ᠵᠠᠰᠠᠬᠤ ᠣᠷᠣᠨ ᠤ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠰᠦᠨ ᠶᠢᠨ ᠰᠦᠡᠭ ᠡᠨᠡ ᠪᠣᠯ ᠣᠳᠣᠬᠠᠨ ᠳᠤ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠢᠯᠡᠷᠡᠭᠦᠯᠦᠭᠰᠡᠨ ᠬᠠᠮᠤᠭ ᠤᠨ ᠲᠣᠮᠣ ᠬᠤᠩᠱᠠᠨ ᠰᠣᠶᠣᠯ ᠤᠨ ᠰᠡᠭᠦᠯᠴᠢ ᠶᠢᠨ ᠦᠶ᠎ᠡ ᠶᠢᠨ ᠴᠢᠯᠠᠭᠤᠨ ᠪᠤᠯᠠᠰᠢ ᠪᠣᠯᠣᠨ᠎ᠠ᠃ ᠨᠢᠭᠡ ᠯᠡ ᠤᠳᠠᠭ᠎ᠠ ᠳᠤ ᠵᠠᠭᠤ ᠭᠠᠷᠤᠢ ᠬᠤᠨᠭ᠍ᠱᠠᠨ ᠰᠣᠶᠣᠯ ᠤᠨ ᠬᠠᠰ ᠡᠳ᠋ᠯᠡᠯ ᠢ ᠮᠠᠯᠲᠠᠵᠤ᠂ ᠬᠤᠨᠭ᠍ᠱᠠᠨ ᠰᠣᠶᠣᠯ ᠤᠨ ᠬᠠᠰ ᠡᠳ᠋ᠯᠡᠯ ᠤᠨ ᠶᠡᠬᠡᠩᠬᠢ ᠲᠥᠷᠥᠯ ᠵᠦᠢᠯ ᠢ ᠦᠨᠳᠦᠰᠦᠨ ᠳᠡᠭᠡᠨ ᠬᠠᠮᠤᠷᠤᠭᠰᠠᠨ ᠪᠥᠭᠡᠳ ᠯᠢᠩ ᠵᠢᠶᠠ ᠲᠠᠨ ᠤ ᠰᠣᠶᠣᠯ ᠤᠨ ᠬᠠᠰ ᠲᠢᠲᠢᠮ ᠤᠨ ᠴᠢᠮᠡᠭᠯᠡᠯ ᠲᠠᠢ ᠠᠳᠠᠯᠢᠪᠲᠤᠷ ᠡᠳ᠋ᠯᠡᠯ ᠬᠡᠷᠡᠭᠰᠡᠯ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠨᠭ᠍ᠱᠠᠨ ᠰᠣᠶᠣᠯ ᠠᠴᠠ ᠣᠯᠳᠠᠭᠰᠠᠨ ᠬᠠᠰ ᠡᠳ᠋ᠯᠡᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠤᠭᠤᠰᠤᠨ ᠢ ᠨᠥᠬᠦᠪᠦᠷᠢᠯᠡᠭᠰᠡᠨ ᠪᠥᠭᠡᠳ ᠪᠣᠷᠣᠳᠣᠬᠤᠢ ᠣᠷᠣᠨ ᠤ ᠯᠦᠩ ᠱᠠᠨ ᠤ ᠴᠠᠭ ᠦᠶ᠎ᠡ ᠶᠢᠨ《ᠬᠠᠰ ᠢ ᠬᠡᠷᠡᠮ ᠳᠣᠲᠣᠷ᠎ᠠ ᠨᠢᠭᠤᠬᠤ》ᠦᠵᠡᠭᠳᠡᠯ ᠤᠨ ᠢᠷᠡᠯᠲᠡ ᠶᠢ ᠬᠠᠶᠢᠨ ᠰᠦᠪᠡᠭᠴᠢᠯᠡᠬᠦ ᠳᠤ ᠰᠢᠨ᠎ᠡ ᠰᠦᠪᠡᠭᠴᠢ ᠬᠠᠩᠭᠠᠭᠰᠠᠨ ᠪᠠᠶᠢᠨ᠎ᠠ᠃
ᠰᠢᠨ᠎ᠡ ᠪᠠᠷ ᠢᠯᠡᠷᠡᠭᠦᠯᠦᠭᠰᠡᠨ ᠠᠤᠬᠠᠨ ᠬᠤᠰᠢᠭᠤᠨ ᠤ ᠰᠦᠷᠦᠭᠵᠢᠯ ᠴᠢᠯᠠᠭᠤᠨ ᠪᠤᠯᠠᠰᠢ ᠨᠢ ᠶᠠᠭᠠᠬᠢᠭᠠᠳ ᠣᠲᠣ ᠪᠤᠯᠲᠠᠯᠠᠭᠢ ᠬᠠᠮᠤᠭ ᠤᠨ ᠲᠣᠮᠣ ᠬᠤᠨᠭ᠍ᠱᠠᠨ ᠰᠣᠶᠣᠯ ᠤᠨ ᠰᠡᠭᠦᠯᠴᠢ ᠶᠢᠨ ᠦᠶ᠎ᠡ ᠶᠢᠨ ᠰᠦᠷᠦᠭᠵᠢᠯ ᠴᠢᠯᠠᠭᠤᠨ ᠪᠤᠯᠠᠰᠢ ᠪᠣᠯᠤᠭᠰᠠᠨ ᠪᠤᠶ︖ ᠵᠠᠭᠤ ᠭᠠᠷᠤᠢ ᠬᠠᠰ ᠡᠳ᠋ᠯᠡᠯ ᠤᠨ ᠠᠷᠤ ᠳᠤ ᠶᠠᠮᠠᠷ ᠶᠠᠩᠵᠤ ᠶᠢᠨ ᠨᠢᠭᠤᠴᠠ ᠪᠠ ᠥᠯᠢᠭᠡᠷ ᠬᠠᠳᠠᠭᠠᠯᠠᠭᠳᠠᠵᠤ ᠪᠠᠶᠢᠬᠤ ᠪᠤᠶ︖ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠲᠤᠬᠠᠢ ᠶᠢᠨ ᠲᠠᠯᠠᠪᠤᠷ ᠲᠤ ᠪᠤᠯᠠᠰᠢ ᠶᠢᠨ ᠦᠯᠡᠳᠡᠭᠳᠡᠯ ᠠᠴᠠ ᠭᠠᠳᠠᠨ᠎ᠠ ᠪᠠᠰᠠ ᠪᠤᠰᠤᠳ ᠶᠠᠮᠠᠷ ᠭᠢᠯᠠᠰ ᠴᠡᠭ ᠪᠠᠶᠢᠬᠤ ᠪᠤᠶ︖
9 ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠨᠡᠶᠢᠭᠡᠮᠯᠢᠭ ᠤᠯᠠᠭᠠᠨᠬᠠᠳᠠ ᠬᠤᠲᠠ ᠳᠤ ᠳᠤᠮᠳᠠᠳᠤ ᠶᠢᠨ ᠪᠣᠯᠪᠠᠰᠤᠨ ᠤ ᠭᠡᠷᠡᠯ ᠰᠠᠴᠤᠷᠠᠩᠭᠤᠢ ᠣᠳᠣᠨ ︱《ᠬᠤᠨᠭ᠍ᠱᠠᠨ ᠰᠣᠶᠣᠯ》 ᠢ ᠨᠡᠷᠡᠶᠢᠳᠦᠭᠰᠡᠨ 70 ᠵᠢᠯ ᠤᠨ ᠣᠶ ᠶᠢᠨ ᠰᠤᠳᠤᠯᠤᠨ ᠶᠠᠷᠢᠯᠴᠠᠬᠤ ᠬᠤᠷᠠᠯ ᠬᠢᠬᠦ ᠪᠣᠯᠣᠨ᠎ᠠ᠃ ᠲᠤᠬᠠᠢ ᠶᠢᠨ ᠦᠶ᠎ᠡ ᠳᠤ᠂ ᠰᠢᠨ᠎ᠡ ᠪᠠᠷ ᠢᠯᠡᠷᠡᠭᠦᠯᠦᠭᠰᠡᠨ ᠬᠤᠩᠱᠠᠨ ᠰᠣᠶᠣᠯ ᠤᠨ ᠰᠦᠷᠦᠭᠵᠢᠯ ᠴᠢᠯᠠᠭᠤᠨ ᠪᠤᠯᠠᠰᠢ᠂ ᠵᠠᠭᠤ ᠭᠠᠷᠤᠢ ᠬᠠᠰ ᠡᠳ᠋ᠯᠡᠯ ᠨᠢ ᠨᠢᠭᠤᠷ ᠤᠨ ᠱᠠ ᠪᠠᠨ ᠰᠡᠬᠦᠵᠦ ᠦᠨᠡᠨ ᠳᠦᠷᠢ ᠪᠠᠨ ᠢᠯᠡᠷᠡᠭᠦᠯᠬᠦ ᠪᠣᠯᠣᠨ᠎ᠠ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠯᠢᠶᠣᠤᠨᠢᠩ ᠮᠤᠵᠢ ᠶᠢᠨ ᠲᠡᠦᠬᠡ ᠶᠢᠨ ᠳᠤᠷᠠᠰᠬᠠᠯᠲᠤ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠵᠡᠷᠭᠡ ᠲᠤᠰᠬᠠᠢ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠪᠡᠭᠡᠵᠢᠩ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠤᠯᠠᠭᠠᠨᠬᠠᠳᠠ ᠳᠤ ᠴᠤᠭᠯᠠᠷᠠᠨ ᠡᠷᠳᠡᠮ ᠰᠢᠨᠵᠢᠯᠡᠭᠡᠨ ᠤ ᠰᠤᠳᠤᠯᠭᠠᠨ ᠤ ᠠᠵᠢᠯ ᠥᠷᠨᠢᠭᠦᠯᠬᠦ ᠶᠢᠨ ᠬᠠᠮᠲᠤ ᠠᠭᠤᠳᠠᠯᠤᠨ ᠢᠯᠡᠷᠡᠭᠦᠯᠦᠭᠰᠡᠨ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠯᠲᠠ ᠬᠢᠨ᠎ᠡ᠃
ᠬᠤᠩᠱᠠᠨ ᠰᠣᠶᠣᠯ ᠪᠣᠯ ᠳᠤᠮᠳᠠᠳᠤ ᠤᠯᠤᠰ ᠤᠨ ᠤᠮᠠᠷᠠᠲᠤ ᠣᠷᠣᠨ ᠤ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠶᠢᠨ ᠦᠶ᠎ᠡ ᠶᠢᠨ ᠬᠠᠭᠤᠴᠢ ᠰᠤᠳᠤᠯᠤᠯ ᠤᠨ ᠰᠣᠶᠣᠯ ᠪᠣᠯᠣᠨ᠎ᠠ᠂ ᠣᠲᠣ ᠠᠴᠠ 6500 ᠵᠢᠯ ᠤᠨ ᠡᠮᠦᠨ᠎ᠡ ᠡᠭᠦᠰᠴᠦ᠂ ᠣᠲᠣ ᠠᠴᠠ ᠪᠠᠷᠤᠭ 5800 ᠵᠢᠯ ᠤᠨ ᠡᠮᠦᠨ᠎ᠡ ᠡᠷᠲᠡᠨ ᠤ ᠤᠯᠤᠰ ᠤᠨ ᠪᠣᠯᠪᠠᠰᠤᠨ ᠤ ᠱᠠᠲᠤ ᠦᠶ᠎ᠡ ᠳᠤ ᠣᠷᠣᠵᠤ᠂ ᠯᠢᠶᠣᠤ ᠰᠢ ᠶᠢᠨ ᠰᠢᠩ ᠯᠦᠩ ᠸᠠ ᠰᠣᠶᠣᠯ᠂ ᠵᠣᠣ ᠪᠦᠦ ᠭᠧᠦ ᠶᠢᠨ ᠰᠣᠶᠣᠯ ᠢ ᠵᠠᠯᠭᠠᠨ᠂ ᠬᠠᠰ ᠡᠳ᠋ᠯᠡᠯ ᠤᠨ ᠤᠯᠠᠮᠵᠢᠯᠠᠯ᠂ ᠶᠣᠰᠣᠯᠠᠯ ᠤᠨ ᠪᠠᠷᠢᠯᠭ᠎ᠠ ᠪᠠᠷ ᠢᠶᠠᠨ ᠳᠣᠲᠣᠭᠠᠳᠤ ᠭᠠᠳᠠᠭᠠᠳᠤ ᠳᠤ ᠠᠯᠳᠠᠷᠰᠢᠭᠰᠠᠨ ᠶᠤᠮ᠃ ᠬᠤᠩᠱᠠᠨ ᠰᠣᠶᠣᠯ ᠤᠨ ᠪᠦᠷᠢᠯᠳᠦᠯ᠂ ᠬᠥᠭᠵᠢᠯᠲᠡ᠂ ᠬᠤᠪᠢᠷᠠᠯᠲᠠ ᠵᠢᠴᠢ ᠲᠡᠭᠦᠨ ᠤ ᠵᠠᠯᠭᠠᠮᠵᠢ ᠨᠥᠯᠥᠭᠡ ᠪᠣᠯ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠰᠤᠳᠤᠯᠭᠠᠨ ᠤ ᠴᠢᠬᠤᠯᠠ ᠪᠦᠷᠢᠯᠳᠦᠭᠦᠨ ᠬᠡᠰᠡᠭ ᠪᠤᠯᠬᠤ ᠪᠥᠭᠡᠳ ᠪᠠᠰᠠ ᠳᠤᠮᠳᠠᠳᠤ ᠶᠢᠨ ᠪᠣᠯᠪᠠᠰᠤᠨ ᠤ ᠤᠯᠠᠨ ᠡᠰᠢᠲᠦ ᠨᠢᠭᠡ ᠴᠣᠭᠴᠠᠵᠢᠯᠲᠠ ᠶᠢᠨ ᠪᠦᠷᠢᠯᠳᠦᠯ ᠪᠠ ᠬᠤᠪᠢᠰᠤᠯᠲᠠ ᠳᠤ ᠴᠢᠬᠤᠯᠠ ᠰᠦᠪᠡᠭᠴᠢ ᠬᠠᠩᠭᠠᠭᠰᠠᠨ ᠪᠠᠶᠢᠨ᠎ᠠ᠃ ᠬᠤᠩᠱᠠᠨ ᠰᠣᠶᠣᠯ ᠢ ᠨᠡᠷᠡᠶᠢᠳᠦᠭᠰᠡᠨ 70 ᠵᠢᠯ ᠤᠨ ᠲᠤᠷᠰᠢ᠂ ᠥᠪᠥᠷ ᠮᠣᠩᠭᠤᠯ ᠤᠨ ᠤᠯᠠᠭᠠᠨᠬᠠᠳᠠ ᠬᠢᠭᠡᠳ ᠯᠢᠶᠣᠤᠨᠢᠩ ᠤᠨ ᠴᠣᠣᠶᠠᠩ ᠬᠤᠶᠠᠷ ᠭᠠᠵᠠᠷ ᠲᠤ ᠢᠯᠡᠷᠡᠭᠦᠯᠦᠭᠰᠡᠨ ᠡᠯ᠎ᠡ ᠲᠦᠷᠦᠯ ᠤᠨ ᠬᠤᠨᠭ᠍ᠱᠠᠨ ᠰᠣᠶᠣᠯ ᠤᠨ ᠪᠠᠭᠤᠷᠢ 1100 ᠭᠠᠷᠤᠢ ᠪᠠᠶᠢᠵᠤ᠂ ᠨᠢᠦ ᠾᠧ ᠯᠢᠶᠠᠩ᠂ ᠳ᠋ᠦᠩ ᠱᠠᠨ ᠽᠦᠢ᠂ ᠨᠠᠰᠳᠠᠢ ᠵᠡᠷᠭᠡ ᠪᠠᠭᠤᠷᠢ ᠠᠴᠠ ᠢᠯᠡᠷᠡᠭᠦᠯᠦᠭᠰᠡᠨ ᠪᠤᠯᠠᠰᠢ᠂ ᠲᠠᠭᠢᠯᠭ᠎ᠠ ᠶᠢᠨ ᠦᠯᠡᠳᠡᠭᠳᠡᠯ ᠵᠢᠴᠢ ᠶᠡᠭᠡ ᠬᠡᠮᠵᠢᠶᠡᠨ ᠤ ᠬᠠᠰ ᠡᠳ᠋ᠯᠡᠯ ᠢᠶᠠᠷ ᠲᠥᠯᠥᠭᠡᠯᠡᠭᠴᠢ ᠪᠤᠯᠭᠠᠵᠤ᠂ ᠬᠤᠨᠭ᠍ᠱᠠᠨ ᠰᠣᠶᠣᠯ ᠤᠨ ᠳᠤᠮᠳᠠᠳᠤ ᠶᠢᠨ ᠪᠣᠯᠪᠠᠰᠤᠨ ᠤ ᠡᠭᠦᠰᠦᠯ ᠤᠨ ᠰᠤᠳᠤᠯᠭᠠᠨ ᠳᠠᠬᠢ ᠡᠬᠢ ᠡᠭᠦᠰᠦᠯ ᠤᠨ ᠴᠢᠨᠠᠷᠲᠠᠢ ᠪᠠᠶᠢᠷᠢ ᠰᠠᠭᠤᠷᠢ ᠶᠢ ᠲᠣᠭᠲᠠᠭᠠᠵᠠᠢ᠃
ᠬᠤᠩᠱᠠᠨ ᠰᠣᠶᠣᠯ ᠤᠨ ᠬᠠᠭᠤᠴᠢ ᠰᠤᠳᠤᠯᠤᠯ ᠥᠨᠢ ᠡᠭᠦᠷᠢᠳᠡ《ᠳᠤᠨᠳᠠᠷᠠᠰᠢ ᠦᠭᠡᠢ》︕
9 ᠳ᠋ᠤᠭᠡᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠤᠯᠠᠭᠠᠨᠬᠠᠳᠠ ᠬᠤᠳᠠ ᠳᠤ ᠬᠦᠰᠡᠨ ᠬᠦᠯᠢᠶᠡᠭᠦᠰᠢᠲᠡᠢ ᠪᠠᠶᠢᠨ᠎ᠠ︕