ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠮᠠᠷᠲᠠᠵᠤ ᠪᠤᠯᠤᠰᠢ ᠦᠭᠡᠢ ᠲᠡᠥᠬᠡ᠂ ᠬᠤᠪᠢᠰᠬᠠᠯᠴᠢᠳ ᠤᠨ ᠴᠠᠳᠢᠭ — ᠵᠠᠶᠠᠭᠠᠲᠠᠢ
ᠵᠠᠶᠠᠭᠠᠲᠠᠢ︵1901.11.9-1968. 3.12︶᠂ ᠡᠷᠭᠦᠭᠰᠡᠨ ᠨᠡᠷ᠎ᠡ ᠳ᠋ᠠᠢ ᠹᠧᠩ᠂ ᠬᠡᠷᠡᠭᠯᠡᠵᠦ ᠦᠩᠭᠡᠷᠡᠭᠰᠡᠨ ᠨᠡᠷ᠎ᠡ ᠨᠢ ᠵᠠᠶᠠᠭᠠᠲᠠᠢ᠂ ᠵᠤᠤ ᠳ᠋ᠠᠨ ᠱᠧᠦ᠂ ᠯᠣᠣ ᠵᠠᠩ᠂ ᠵᠤᠤ ᠹᠦ᠋᠂ ᠸᠠᠩ ᠰᠢ᠂ ᠵᠤᠤ ᠶᠠᠨ ᠱᠧᠤ ᠵᠡᠷᠭᠡ᠂ ᠡᠷᠡᠭᠲᠡᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠲᠦᠮᠡᠳ ᠬᠤᠰᠢᠭᠤᠨ ᠤ ᠰᠠᠯᠠᠭ᠎ᠠ ᠲᠣᠰᠬᠤᠨ ᠤ ᠬᠥᠮᠥᠨ᠃
ᠵᠠᠶᠠᠭᠠᠲᠠᠢ 1915 ᠣᠨ ᠳᠤ ᠲᠦᠮᠡᠳ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠪᠢᠴᠢᠭ ᠦᠵᠡᠪᠡ᠃ 1920 ᠣᠨ ᠳᠤ ᠬᠦᠢᠰᠦ᠋ᠢ ᠳᠤᠮᠳᠠᠳᠤ ᠰᠤᠷᠭᠠᠭᠤᠯᠢ ᠳᠤ ᠰᠢᠯᠭᠠᠨ ᠣᠷᠣᠵᠠᠢ᠃ ᠲᠡᠷᠡ ᠬᠥᠬᠡᠬᠤᠲᠠ ᠶᠢᠨ ᠰᠤᠷᠤᠭᠴᠢᠳ ᠤᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠡᠬᠡ ᠣᠷᠣᠨᠴᠢ ᠠᠵᠢᠯᠯᠠᠭ᠎ᠠ ᠶᠢ ᠵᠤᠬᠢᠶᠠᠨ ᠪᠠᠶᠢᠭᠤᠯᠬᠤ ᠳᠤ ᠣᠷᠣᠯᠴᠠᠵᠠᠢ᠃
1923 ᠣᠨ ᠤ ᠨᠠᠮᠤᠷ ᠵᠠᠶᠠᠭᠠᠲᠠᠢ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠳᠤ ᠰᠢᠯᠭᠠᠨ ᠤᠷᠤᠭᠰᠠᠨ ᠤ ᠳᠠᠷᠠᠭ᠎ᠠ᠂ ᠮᠠᠷᠺᠰ ᠤᠨ ᠦᠵᠡᠯ ᠤᠨ ᠬᠤᠪᠢᠰᠬᠠᠯ ᠤᠨ ᠣᠨᠣᠯ ᠲᠠᠢ ᠡᠬᠢᠯᠡᠨ ᠣᠶᠢᠷᠠᠲᠤᠵᠤ᠂ 1924 ᠣᠨ ᠤ ᠡᠬᠢ ᠪᠠᠷ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳᠤ ᠣᠷᠣᠵᠠᠢ᠃ ᠵᠠᠶᠠᠭᠠᠲᠠᠢ 1924 ᠣᠨ ᠤ ᠡᠴᠦᠰ ᠲᠤ ᠺᠦᠢ ᠪᠢ᠂ ᠭᠤᠮᠪᠤᠵᠠᠪ᠂ ᠵᠤᠤ ᠴᠧᠩ ᠨᠠᠷ ᠲᠠᠢ ᠰᠦᠢᠶᠤᠸᠠᠨ ᠳᠤ ᠪᠤᠴᠠᠨ ᠢᠷᠭᠡᠨ ᠤ ᠬᠤᠷᠠᠯ ᠤᠨ ᠬᠥᠳᠡᠯᠭᠡᠭᠡᠨ ᠦᠷᠨᠢᠭᠦᠯᠵᠦ᠂ ᠲᠡᠷᠡ《ᠰᠦᠢᠶᠤᠸᠠᠨ ᠤ ᠢᠷᠭᠡᠨ ᠤ ᠬᠤᠷᠠᠯ ᠢ ᠠᠬᠢᠭᠤᠯᠬᠤ ᠬᠤᠷᠠᠯ》 ᠤᠨ ᠲᠥᠯᠥᠭᠡᠯᠡᠭᠴᠢ ᠪᠠᠷ ᠰᠤᠩᠭᠤᠭᠳᠠᠵᠠᠢ᠃ 1925 ᠣᠨ ᠤ 3 ᠳ᠋ᠤᠭᠠᠷ ᠰᠠᠷ᠎ᠠ ᠳᠤ ᠪᠡᠭᠡᠵᠢᠩ ᠳᠤ ᠢᠷᠭᠡᠨ ᠤ ᠬᠤᠷᠠᠯ ᠢ ᠠᠬᠢᠭᠤᠯᠬᠤ ᠬᠤᠷᠠᠯ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃ ᠲᠤᠰ ᠵᠢᠯ ᠳᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠠᠷ ᠡᠯᠰᠡᠭᠳᠡᠪᠡ᠃
1925 ᠣᠨ ᠤ ᠬᠠᠪᠤᠷ ᠵᠠᠶᠠᠭᠠᠲᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠣᠷᠣᠨ ᠤ ᠬᠤᠷᠢᠶ᠎ᠠ ᠶᠢᠨ ᠲᠤᠮᠢᠯᠠᠯᠲᠠ ᠪᠠᠷ ᠰᠦᠢᠶᠤᠸᠠᠨ ᠳᠤ ᠪᠤᠴᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠣᠨᠴᠠᠭᠠᠢ ᠣᠷᠣᠨ ᠤ ᠠᠵᠢᠯ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠳᠤᠮᠳᠠᠳᠤ ᠤᠯᠤᠰ ᠤᠨ ᠭᠤᠮᠢᠨᠳᠠᠩ ᠤᠨ ᠰᠦᠢᠶᠤᠸᠠᠨ ᠣᠨᠴᠠᠭᠠᠢ ᠣᠷᠣᠨ ᠤ ᠨᠠᠮ ᠤᠨ ᠬᠤᠷᠢᠶ᠎ᠠ ᠶᠢ ᠵᠣᠬᠢᠶᠠᠨ ᠪᠠᠶᠢᠭᠤᠯᠵᠤ᠂ ᠭᠦᠢᠴᠡᠳᠬᠡᠬᠦ ᠭᠡᠰᠢᠭᠦᠨ ᠤ ᠲᠤᠰᠢᠶᠠᠯ ᠢ ᠬᠠᠷᠢᠭᠤᠴᠠᠵᠤ ᠪᠠᠶᠢᠪᠠ᠃ 6 ᠳ᠋ᠤᠭᠠᠷ ᠰᠠᠷ᠎ᠠ ᠶᠢᠨ ᠡᠭᠢᠨ ᠳᠤ ᠰᠤᠷᠤᠭᠴᠢᠳ ᠢ ᠵᠤᠭᠢᠶᠠᠨ ᠪᠠᠶᠢᠭᠤᠯᠤᠨ ᠤᠳᠤᠷᠢᠳᠴᠦ《ᠳᠠᠪᠤᠨ ᠰᠠᠷ᠎ᠠ ᠶᠢᠨ ᠭᠤᠴᠢᠨ》 ᠤ ᠬᠠᠷᠠᠰᠠᠯᠳᠤ ᠬᠡᠷᠡᠭ ᠤᠨ ᠵᠤᠪᠠᠯᠠᠩ ᠠᠮᠰᠠᠭᠰᠠᠳ ᠢ ᠳᠤᠰᠠᠯᠠᠬᠤ ᠠᠵᠢᠯᠯᠠᠭ᠎ᠠ ᠦᠷᠨᠢᠭᠦᠯᠪᠡ᠃ 10 ᠳ᠋ᠤᠭᠠᠷ ᠰᠠᠷ᠎ᠠ ᠳᠤ ᠴᠢᠭᠤᠯᠤᠯᠲᠤ ᠬᠠᠭᠠᠯᠭ᠎ᠠ ᠳᠤ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠠᠩᠬᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠤ᠂ ᠲᠥᠪ ᠬᠤᠷᠢᠶᠠᠨ ᠤ ᠣᠷᠣᠯᠠᠭᠴᠢ ᠭᠦᠢᠴᠡᠳᠬᠡᠬᠦ ᠭᠡᠰᠢᠭᠦᠨ ᠢᠶᠠᠷ ᠰᠣᠩᠭᠤᠭᠳᠠᠪᠠ᠃ ᠡᠪᠦᠯ ᠨᠢ᠂ ᠴᠢᠭᠤᠯᠤᠯᠲᠤ ᠬᠠᠭᠠᠯᠭ᠎ᠠ ᠳᠤ ᠥᠪᠥᠷ ᠮᠣᠩᠭᠤᠯ ᠤᠨ ᠲᠠᠷᠢᠶᠠᠴᠢᠨ ᠠᠵᠢᠯᠴᠢᠨ ᠴᠡᠷᠢᠭ ᠤᠨ ᠶᠡᠭᠡ ᠬᠤᠯᠪᠤᠭ᠎ᠠ ᠪᠠᠶᠢᠭᠤᠯᠤᠭᠳᠠᠬᠤ ᠬᠤᠷᠠᠯ ᠳᠤ ᠣᠷᠣᠯᠴᠠᠵᠤ᠂ ᠲᠥᠪ ᠤᠨ ᠭᠦᠢᠴᠡᠳᠬᠡᠬᠦ ᠭᠡᠰᠢᠭᠦᠨ ᠢᠶᠠᠷ ᠰᠣᠩᠭᠤᠭᠳᠠᠪᠠ᠃ 1926 ᠣᠨ ᠤ 1 ᠳ᠋ᠦ᠋ᠭᠡᠷ ᠰᠠᠷ᠎ᠠ ᠳᠤ ᠭᠤᠸᠠᠩᠵᠧᠦ ᠳᠤ ᠳᠤᠮᠳᠠᠳᠤ ᠤᠯᠤᠰ ᠤᠨ ᠭᠤᠮᠢᠨᠳᠠᠩ ᠤᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃
1927 ᠣᠨ ᠳᠤ ᠶᠡᠭᠡ ᠬᠤᠪᠢᠰᠬᠠᠯ ᠢᠯᠠᠭᠳᠠᠭᠰᠠᠨ ᠤ ᠳᠠᠷᠠᠭ᠎ᠠ᠂ ᠵᠠᠶᠠᠭᠠᠲᠠᠢ ᠮᠣᠰᠺᠸᠠ ᠶᠢᠨ ᠳᠣᠷᠣᠨᠠᠳᠠᠬᠢᠨ ᠤ ᠶᠡᠭᠡ ᠰᠤᠷᠭᠠᠭᠤᠯᠢ ᠳᠤ ᠰᠤᠷᠤᠯᠴᠠᠪᠠ᠃ 1934 ᠣᠨ ᠳᠤ ᠨᠠᠮ ᠤᠨ ᠲᠣᠮᠢᠯᠠᠯᠲᠠ ᠪᠠᠷ ᠤᠯᠤᠰ ᠲᠤ ᠪᠠᠨ ᠪᠣᠴᠠᠵᠤ᠂ ᠥᠪᠥᠷ ᠮᠣᠩᠭᠤᠯ᠂ ᠪᠧᠶᠢᠫᠢᠩ ᠪᠣᠯᠣᠨ ᠵᠡᠭᠦᠨ ᠬᠤᠶᠢᠲᠤ ᠣᠷᠣᠨ ᠳᠤ ᠨᠢᠭᠤᠴᠠ ᠠᠵᠢᠯ ᠬᠢᠪᠡ᠃ 1938 ᠣᠨ ᠳᠤ ᠵᠠᠶᠠᠭᠠᠲᠠᠢ ᠮᠣᠩᠭᠤᠯ ᠤᠯᠤᠰ ᠤᠨ ᠳᠤᠮᠳᠠᠳᠤ ᠶᠢᠨ ᠬᠠᠷᠢᠶᠠᠲᠤ ᠶᠢᠨ ᠺᠯᠦ᠋ᠪ ᠲᠤ 《ᠠᠵᠢᠯᠴᠢᠨ ᠤ ᠵᠠᠮ》 ᠤᠨ ᠨᠠᠶᠢᠷᠠᠭᠤᠯᠤᠭᠴᠢ ᠪᠠ ᠳᠤᠮᠳᠠᠳᠤ ᠶᠢᠨ ᠬᠠᠷᠢᠶᠠᠲᠤ ᠶᠢᠨ ᠵᠦᠴᠦᠭᠡ ᠶᠢᠨ ᠪᠦᠯᠬᠦᠮ ᠤᠨ ᠤᠳᠤᠷᠢᠳᠤᠭᠠᠴᠢ ᠶᠢᠨ ᠲᠤᠰᠢᠶᠠᠯ ᠢ ᠡᠭᠦᠷᠭᠡᠯᠡᠵᠦ᠂ ᠪᠥᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠤᠨ ᠠᠷᠠᠳ ᠤᠨ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠥᠳᠡᠯᠮᠦᠷᠢ ᠶᠢᠨ ᠱᠠᠩᠨᠠᠯ ᠤᠨ ᠲᠡᠮᠳᠡᠭ᠂ ᠶᠠᠫᠣᠨ ᠤ ᠡᠵᠡᠷᠬᠡᠭ ᠲᠦᠷᠢᠮᠡᠬᠡᠶᠢᠲᠡᠨ ᠢ ᠪᠠᠶᠢᠯᠳᠤᠨ ᠢᠯᠠᠭᠰᠠᠨ ᠱᠠᠩᠨᠠᠯ ᠤᠨ ᠲᠡᠮᠳᠡᠭ ᠂ ᠾᠢᠲᠯᠧᠷ ᠢ ᠪᠠᠶᠢᠯᠳᠤᠨ ᠢᠯᠠᠭᠰᠠᠨ ᠭᠠᠪᠢᠶᠠᠨ ᠲᠡᠮᠳᠡᠭ ᠪᠠ ᠮᠣᠩᠭᠤᠯ ᠠᠷᠠᠳ ᠤᠯᠤᠰ ᠤᠨ ᠲᠤᠰᠠᠭᠠᠷ ᠲᠣᠭᠲᠠᠨᠢᠭᠰᠠᠨ 25 ᠵᠢᠯ ᠤᠨ ᠣᠶ ᠶᠢᠨ ᠳᠤᠷᠠᠰᠬᠠᠯ ᠤᠨ ᠲᠡᠮᠳᠡᠭ ᠢ ᠭᠥᠷᠳᠡᠵᠦ ᠥᠩᠭᠡᠷᠡᠪᠡ᠃
1946 ᠣᠨ ᠳᠤ ᠵᠠᠶᠠᠭᠠᠲᠠᠢ ᠤᠯᠤᠰ ᠲᠤ ᠪᠠᠨ ᠪᠣᠴᠠᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠦᠷ ᠴᠠᠭ ᠤᠨ ᠵᠥᠪᠯᠡᠯᠭᠡᠨ ᠤ ᠳᠡᠳ᠋ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠯᠦᠨ ᠪᠤᠶᠢᠷ ᠠᠶᠢᠮᠠᠭ ᠤᠨ ᠬᠤᠷᠢᠶᠠᠨ ᠤ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠴᠠᠬᠠᠷ ᠠᠶᠢᠮᠠᠭ ᠤᠨ ᠠᠵᠢᠯ ᠤᠨ ᠬᠤᠷᠢᠶᠠᠨ ᠤ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠲᠣᠪᠴᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃
1950 ᠣᠨ ᠳᠤ ᠵᠠᠶᠠᠭᠠᠲᠠᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠣᠩᠭᠤᠯ ᠠᠷᠠᠳ ᠤᠯᠤᠰ ᠲᠤ ᠰᠠᠭᠤᠭ᠎ᠠ ᠠᠩᠬᠠᠳᠠᠭᠴᠢ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠪᠣᠯᠪᠠ᠃ 1954 ᠣᠨ ᠳᠤ ᠲᠤᠰᠢᠶᠠᠯ ᠠᠴᠠ ᠪᠠᠨ ᠪᠠᠭᠤᠵᠤ ᠤᠯᠤᠰ ᠲᠠᠭᠠᠨ ᠪᠣᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠦᠭᠡᠳ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠥᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠤᠮᠳᠠᠳᠤ ᠮᠣᠩᠭᠤᠯ ᠤᠨ ᠨᠥᠬᠦᠷᠰᠡᠭ ᠨᠡᠶᠢᠭᠡᠮᠯᠢᠭ ᠤᠨ ᠳᠡᠳ᠋ ᠳᠠᠷᠤᠭ᠎ᠠ ᠵᠡᠷᠭᠡ ᠲᠤᠰᠢᠶᠠᠯ ᠢ ᠡᠭᠦᠷᠭᠡᠯᠡᠪᠡ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠵᠤ ᠥᠩᠭᠡᠷᠡᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠢᠮᠠᠳᠤᠭᠠᠷ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠪᠠ᠃
1968 ᠤᠨ ᠤ 3 ᠳ᠋ᠤᠭᠠᠷ ᠰᠠᠷ᠎ᠠ ᠶᠢᠨ 12 ᠤᠨ ᠡᠳᠤᠷ ᠵᠠᠶᠠᠭᠠᠲᠠᠢ ᠨᠦᠬᠦᠷ ᠯᠢᠨ ᠪᠢᠶᠤᠤ᠂《ᠲᠦᠷᠪᠡᠨ ᠬᠦᠮᠦᠨ ᠤ ᠪᠦᠯᠦᠭ》 ᠤᠨ ᠬᠠᠷᠠᠰᠠᠯᠳᠤ ᠬᠤᠤᠷᠯᠠᠯ ᠳᠤ ᠤᠴᠠᠷᠠᠵᠤ ᠬᠢᠯᠢᠰ ᠢᠶᠠᠷ ᠨᠠᠰᠤ ᠪᠠᠷᠠᠪᠠ᠂ ᠨᠠᠰᠤᠨ ᠰᠡᠭᠦᠳᠡᠷ 67 ᠪᠠᠶᠢᠪᠠ᠃