ᠵᠤᠬᠢᠶᠠᠭᠴᠢ:
ᠴᠠᠭ:2025-06-13
ᠥᠵᠡᠭᠰᠡᠨ : ℃
ᠢᠷᠡᠯᠲᠡ:
ᠵᠢᠩᠰᠡᠲᠦ ᠠᠭᠤᠢ ᠶᠢᠨ ᠪᠠᠭᠤᠷᠢ
ᠰᠢᠯᠢ ᠶᠢᠨ ᠭᠤᠣᠯ ᠠᠶᠢᠮᠠᠭ ᠤᠨ ᠵᠢᠩᠰᠡᠲᠦ ᠠᠭᠤᠢ ᠶᠢᠨ ᠪᠠᠭᠤᠷᠢ ᠪᠥᠬᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠠᠩᠬᠠᠨ ᠤ ᠰᠢᠯᠭᠠᠷᠠᠭᠤᠯᠤᠯᠲᠠ ᠳᠤ ᠳᠥᠷᠪᠡᠳᠦᠭᠡᠷ ᠲᠤ ᠣᠷᠣᠵᠠᠢ᠃ ᠲᠤᠰ ᠪᠠᠭᠤᠷᠢ ᠵᠡᠭᠦᠨ ᠦᠵᠦᠮᠦᠴᠢᠨ ᠬᠤᠰᠢᠭᠤᠨ ᠳᠤ ᠪᠠᠶᠢᠷᠢᠯᠠᠵᠤ ᠪᠤᠢ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠬᠢᠭᠡᠳ ᠡᠷᠲᠡᠨ ᠤ ᠬᠥᠮᠥᠨ ᠲᠥᠷᠥᠯᠬᠢᠲᠡᠨ ᠤ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ᠂ ᠥᠪᠥᠷ ᠮᠣᠩᠭᠤᠯ ᠤᠨ ᠮᠦᠽᠧᠢ ᠵᠡᠷᠭᠡ ᠰᠠᠯᠠᠭ᠎ᠠ ᠮᠥᠴᠢᠷ ᠬᠠᠮᠲᠤᠷᠠᠨ ᠵᠢᠩᠰᠡᠲᠦ ᠠᠭᠤᠢ ᠶᠢᠨ ᠪᠠᠭᠤᠷᠢ ᠳᠤ ᠬᠠᠭᠤᠴᠢ ᠰᠤᠳᠤᠯᠤᠯ ᠤᠨ ᠮᠠᠯᠲᠠᠯᠲᠠ ᠬᠢᠵᠦ᠂ ᠮᠠᠯᠲᠠᠭᠰᠠᠨ ᠲᠠᠯᠠᠪᠠᠶ ᠨᠢ 20 ᠲᠡᠭᠰᠢ ᠳᠥᠷᠪᠡᠯᠵᠢᠨ ᠮᠧᠲᠷ ᠪᠠᠶᠢᠵᠤ᠂ ᠮᠠᠯᠲᠠᠵᠤ ᠭᠠᠷᠭᠠᠭᠰᠠᠨ ᠸᠠᠭᠠᠷ ᠤᠨ ᠬᠠᠭᠠᠷᠬᠠᠢ᠂ ᠵᠠᠰᠠᠯ ᠴᠢᠮᠡᠭᠯᠡᠯ ᠤᠨ ᠡᠳ᠋᠂ ᠶᠠᠰᠤᠨ ᠪᠠᠭᠠᠵᠢ᠂ ᠴᠢᠯᠠᠭᠤᠨ ᠡᠳ᠋ᠯᠡᠯ᠂ ᠠᠮᠢᠲᠠᠨ ᠤ ᠴᠢᠯᠠᠭᠤᠵᠢᠮᠠᠯ ᠵᠡᠷᠭᠡ ᠡᠯ᠎ᠡ ᠲᠥᠷᠥᠯ ᠤᠨ ᠰᠣᠶᠣᠯ ᠤᠨ ᠦᠯᠡᠳᠡᠭᠳᠡᠯ 4000 ᠭᠠᠷᠤᠢ ᠪᠠᠶᠢᠨ᠎ᠠ᠃ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠮᠡᠷᠭᠡᠵᠢᠯᠲᠡᠳ ᠤᠨ ᠦᠵᠡᠬᠦ ᠪᠠᠷ᠂ ᠵᠢᠩᠰᠡᠲᠦ ᠠᠭᠤᠢ ᠶᠢᠨ ᠪᠠᠭᠤᠷᠢ ᠨᠢ ᠲᠤᠮᠳᠠᠳᠦ ᠤᠯᠤᠰ ᠤᠨ ᠤᠮᠠᠷᠠᠲᠤ ᠶᠢᠨ ᠡᠷᠲᠡᠨ ᠤ ᠬᠥᠮᠥᠨ ᠲᠥᠷᠥᠯᠬᠢᠲᠡᠨ ᠤ ᠴᠢᠬᠤᠯᠠ ᠠᠭᠤᠢ ᠶᠢᠨ ᠪᠠᠭᠤᠷᠢ ᠪᠤᠯᠬᠤ ᠮᠦᠷᠲᠡᠭᠡᠨ ᠡᠸᠦ᠋ᠷᠦᠫᠡ ᠠᠽᠢᠶ᠎ᠠ ᠶᠢᠨ ᠲᠠᠯ᠎ᠠ ᠨᠤᠲᠤᠭ ᠤᠨ ᠪᠠᠯᠠᠷ ᠡᠷᠲᠡᠨ ᠤ ᠴᠢᠬᠤᠯᠠ ᠠᠭᠤᠢ ᠶᠢᠨ ᠪᠠᠭᠤᠷᠢ ᠪᠠᠶᠢᠵᠦ᠂ ᠡᠸᠦ᠋ᠷᠦᠫᠡ ᠠᠽᠢᠶ᠎ᠠ ᠶᠢᠨ ᠡᠬᠡ ᠭᠠᠵᠠᠷ ᠤᠨ ᠪᠠᠯᠠᠷ ᠡᠷᠲᠡᠨ ᠤ ᠰᠤᠳᠤᠯᠭ᠎ᠠ ᠶᠢ ᠪᠠᠶᠠᠯᠢᠭᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃