ᠵᠤᠬᠢᠶᠠᠭᠴᠢ:
ᠴᠠᠭ:2025-10-17
ᠥᠵᠡᠭᠰᠡᠨ : ℃
ᠢᠷᠡᠯᠲᠡ:
ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠦᠨ ᠯᠢᠩᠬᠤ᠎ᠠ ᠱᠠᠩᠨᠠᠯ ᠤᠨ ᠤᠳᠤ ᠦᠶ᠎ᠡ ᠵᠢᠨ ᠪᠦᠵᠢᠭ ᠤᠷᠴᠢᠨ ᠦᠶ᠎ᠡ ᠢᠢᠨ ᠪᠥᠵᠢᠭ ᠦᠨ ᠱᠠᠩᠨᠠᠯ ᠰᠢᠯᠭᠠᠷᠠᠭᠤᠯᠬᠤ ᠠᠵᠢᠯᠯᠠᠭ᠎ᠠ ᠬᠥᠬᠡᠬᠣᠲᠠ ᠳᠤ ᠡᠬᠢᠯᠡᠪᠡ
ᠰᠢᠤᠢ ᠶᠦᠩ ᠵᠢᠶᠦ᠋ᠨ ᠪᠦᠦ ᠰᠢᠶᠠᠨ ᠬᠤᠸᠠ ᠣᠷᠣᠯᠴᠠᠪᠠ
2025 9 ᠰᠠᠷ᠎ᠠ ᠢᠢᠨ 26 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠦᠨ ᠯᠢᠩᠬᠤ᠎ᠠ ᠱᠠᠩᠨᠠᠯ ᠤᠨ ᠤᠳᠤ ᠦᠶ᠎ᠡ ᠵᠢᠨ ᠪᠦᠵᠢᠭ᠂ ᠤᠷᠴᠢᠨ ᠦᠶ᠎ᠡ ᠢᠢᠨ ᠪᠥᠵᠢᠭ ᠦᠨ ᠱᠠᠩᠨᠠᠯ ᠰᠢᠯᠭᠠᠷᠠᠭᠤᠯᠬᠤ ᠠᠵᠢᠯᠯᠠᠭ᠎ᠠ ᠬᠥᠬᠡᠬᠣᠲᠠ ᠳᠤ ᠡᠬᠢᠯᠡᠪᠡ᠃
ᠳᠤᠮᠳᠠᠳᠤ ᠤᠯᠤᠰ ᠤᠨ ᠤᠷᠠᠯᠢᠭ ᠤᠨ ᠬᠢᠨ ᠦ ᠬᠣᠯᠪᠣᠭ᠎ᠠ ᠢᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭ᠍ᠴᠢ ᠰᠢᠤᠢ ᠶᠦᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ ᠪᠠᠶᠢᠩᠭᠤ ᠢᠢᠨ ᠭᠡᠰᠢᠭᠦᠨ᠂ ᠤᠬᠠᠭᠤᠯᠬᠤ ᠬᠡᠯᠲᠡᠰ ᠦᠨ ᠳᠠᠷᠤᠭ᠎ᠠ ᠪᠦᠦ ᠰᠢᠶᠠᠨ ᠬᠤᠸᠠ ᠣᠷᠣᠯᠴᠠᠪᠠ᠃
ᠳᠤᠮᠳᠠᠳᠤ ᠤᠯᠤᠰ ᠤᠨ ᠪᠥᠵᠢᠭ ᠦᠨ ᠯᠢᠩᠬᠤ᠎ᠠ ᠱᠠᠩᠨᠠᠯ ᠪᠣᠯ ᠲᠥᠪ ᠡᠴᠡ ᠵᠥᠪᠰᠢᠶᠡᠷᠡᠨ ᠪᠠᠶᠢᠭᠤᠯᠤᠭᠰᠠᠨ᠂ ᠳᠤᠮᠳᠠᠳᠤ ᠤᠯᠤᠰ ᠤᠨ ᠤᠷᠠᠯᠢᠭ ᠤᠨ ᠬᠢᠨ ᠦ ᠬᠤᠯᠪᠤᠭ᠎ᠠ᠂ ᠳᠤᠮᠳᠠᠳᠤ ᠤᠯᠤᠰ ᠤᠨ ᠪᠥᠵᠢᠭ᠍ᠴᠢᠳ ᠦᠨ ᠡᠪᠯᠡᠯ ᠡᠴᠡ ᠬᠠᠮᠲᠤᠷᠠᠨ ᠡᠷᠭᠢᠯᠡᠭ᠍ᠰᠡᠨ ᠪᠥᠬᠥ ᠤᠯᠤᠰ ᠤᠨ ᠴᠢᠨᠠᠷᠲᠠᠶ ᠪᠥᠵᠢᠭ ᠤᠷᠠᠯᠢᠭ ᠤᠨ ᠲᠤᠰᠬᠠᠶ ᠮᠡᠷᠭᠡᠵᠢᠯ ᠦᠨ ᠱᠠᠩᠨᠠᠯ ᠪᠣᠯᠤᠨ᠎ᠠ᠂ ᠣᠳᠣᠬᠠᠨ ᠳᠤ ᠪᠥᠵᠢᠭ᠍ᠲᠦ ᠵᠦᠴᠦᠭᠡ᠂ ᠦᠨᠳᠦᠰᠦᠲᠡᠨ ᠦ ᠠᠷᠠᠳ ᠤᠨ ᠪᠥᠵᠢᠭ᠂ ᠰᠣᠩᠭᠣᠳᠠᠭ ᠪᠥᠵᠢᠭ᠂ ᠣᠲᠣ ᠦᠶ᠎ᠡ ᠢᠢᠨ ᠪᠥᠵᠢᠭ᠂ ᠤᠷᠴᠢᠨ ᠦᠶ᠎ᠡ ᠢᠢᠨ ᠪᠥᠵᠢᠭ 5 ᠬᠤᠪᠢᠶᠠᠷᠢ ᠲᠥᠷᠥᠯ ᠪᠣᠶ᠃ ᠲᠣᠰ ᠤᠳᠠᠭᠠᠨ ᠤ ᠰᠢᠯᠭᠠᠷᠠᠭᠤᠯᠤᠯᠲᠠ ᠳᠤ ᠨᠡᠶᠢᠲᠡ 16 ᠣᠲᠣ ᠦᠶ᠎ᠡ ᠢᠢᠨ ᠪᠥᠵᠢᠭ ᠦᠨ ᠪᠦᠲᠦᠭᠡᠯ᠂ 18 ᠤᠷᠴᠢᠨ ᠦᠶ᠎ᠡ ᠢᠢᠨ ᠪᠥᠵᠢᠭ ᠦᠨ ᠪᠦᠲᠦᠭᠡᠯ ᠢ ᠰᠤᠩᠭᠤᠨ ᠲᠡᠪᠰᠢᠭᠦᠯᠵᠦ ᠡᠴᠦᠰ ᠤᠨ ᠰᠢᠯᠭᠠᠷᠠᠭᠤᠯᠤᠯᠲᠠ ᠳᠤ ᠤᠷᠤᠭᠤᠯᠪᠠ᠂ ᠪᠦᠲᠦᠭᠡᠯ ᠤᠳ ᠨᠢ ᠪᠡᠭᠡᠵᠢᠩ᠂ ᠥᠪᠥᠷ ᠮᠣᠩᠭᠣᠯ ᠵᠡᠷᠭᠡ ᠣᠯᠠᠨ ᠭᠠᠵᠠᠷ ᠣᠷᠣᠨ ᠢ ᠬᠠᠮᠤᠷᠴᠤ᠂ ᠡᠯ᠎ᠡ ᠭᠠᠵᠠᠷ ᠤᠨ ᠪᠥᠵᠢᠭ ᠦᠨ ᠤᠷᠠᠯᠢᠬᠴᠢᠳ ᠤᠨ ᠢᠳᠡᠪᠬᠢᠲᠡᠶ ᠵᠣᠬᠢᠶᠠᠨ ᠪᠦᠲᠦᠭᠡᠯᠭᠡ᠂ ᠣᠲᠣ ᠦᠶ᠎ᠡ ᠢᠢᠨ ᠪᠥᠵᠢᠭ᠂ ᠤᠷᠴᠢᠨ ᠦᠶ᠎ᠡ ᠢᠢᠨ ᠪᠥᠵᠢᠭ ᠦᠨ ᠬᠥᠭ᠍ᠵᠢᠯᠲᠡ ᠢᠢᠨ ᠰᠥᠪᠡᠭ᠍ᠴᠢᠯᠡᠯᠲᠡ ᠬᠢᠭᠡᠳ ᠳᠠᠪᠠᠯᠲᠠ ᠢᠢᠨ ᠪᠠᠶᠢᠳᠠᠯ ᠢ ᠢᠯᠡᠷᠡᠭᠦᠯᠪᠡ᠃
ᠪᠥᠵᠢᠭ ᠦᠨ ᠵᠣᠬᠢᠶᠠᠨ ᠪᠦᠲᠦᠭᠡᠯᠭᠡ ᠳᠡᠬᠢ ᠬᠥᠲᠥᠯᠥᠨ ᠵᠢᠯᠣᠭᠤᠳᠤᠯᠭ᠎ᠠ ᠪᠠ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠬᠤ ᠢᠢᠨ ᠲᠥᠯᠥᠭᠡ᠂ ᠡᠴᠦᠰ ᠦᠨ ᠰᠢᠯᠭᠠᠷᠠᠭᠤᠯᠤᠯᠲᠠ ᠢᠢᠨ ᠬᠤᠭᠤᠴᠠᠭᠠᠨ ᠳᠤ᠂ ᠵᠣᠬᠢᠶᠠᠨ ᠪᠠᠶᠢᠭᠤᠯᠬᠤ ᠺᠣᠮᠢᠰ ᠡᠴᠡ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠲᠣ ᠦᠶ᠎ᠡ ᠢᠢᠨ ᠪᠥᠵᠢᠭ᠂ ᠤᠷᠴᠢᠨ ᠦᠶ᠎ᠡ ᠢᠢᠨ ᠪᠥᠵᠢᠭ ᠦᠨ ᠵᠣᠬᠢᠶᠠᠨ ᠪᠦᠲᠦᠭᠡᠯᠭᠡ ᠢᠢᠨ ᠣᠳᠣᠬᠢ ᠪᠠᠶᠢᠳᠠᠯ ᠤᠨ ᠲᠤᠬᠠᠢ ᠭᠦᠨᠵᠡᠭᠡᠶ ᠰᠤᠳᠤᠯᠤᠨ ᠶᠠᠷᠢᠯᠴᠠᠨ᠎ᠠ᠃