ᠵᠤᠬᠢᠶᠠᠭᠴᠢ:
ᠴᠠᠭ:2025-11-03
ᠥᠵᠡᠭᠰᠡᠨ : ℃
ᠢᠷᠡᠯᠲᠡ:
ᠬᠥᠬᠡᠬᠣᠲᠠ ᠵᠢᠨ ᠬᠢᠳᠠᠳ ᠵᠢᠷᠤᠭ ᠤᠨ ᠨᠠᠷᠠᠲᠤ ᠬᠥᠮᠦᠰ ᠤᠨ ᠤᠷᠢᠯᠭ᠎ᠠ ᠵᠢᠨ ᠦᠵᠡᠬᠦᠯᠬᠡ ᠶᠠᠪᠤᠭᠳᠠᠵᠦ ᠪᠤᠢ
《ᠪᠡᠬᠡ ᠵᠢᠨ ᠤᠮᠠᠷᠠᠲᠤ ·ᠤᠳᠬ᠎ᠠ ᠤᠷᠠᠯᠢᠭ ᠤᠨ ᠳᠥᠷᠪᠡᠨ ᠣᠷᠣᠰᠢᠯ》ᠬᠥᠬᠡᠬᠣᠲᠠ ᠵᠢᠨ ᠬᠢᠳᠠᠳ ᠵᠢᠷᠤᠭ ᠤᠨ ᠨᠠᠷᠠᠲᠤ ᠬᠥᠮᠦᠰ ᠤᠨ ᠤᠷᠢᠯᠭ᠎ᠠ ᠵᠢᠨ ᠦᠵᠡᠬᠦᠯᠬᠡ 2025 10 ᠵᠢᠨ 12 ᠤᠨ ᠡᠳᠦᠷ ᠡᠴᠡ ᠡᠬᠢᠯᠡᠨ ᠬᠥᠬᠡᠬᠣᠲᠠ ᠵᠢᠨ ᠰᠣᠶᠣᠯ ᠤᠨ ᠣᠷᠳᠣᠨ ᠳ᠋ᠤ ᠶᠠᠪᠤᠭᠳᠠᠵᠦ᠂ 4 ᠤᠷᠠᠯᠢᠭᠴᠢᠨ ᠤ ᠪᠦᠳᠦᠭᠡᠯ ᠢ ᠳᠡᠯᠭᠡᠨ ᠦᠵᠡᠬᠦᠯᠵᠤ ᠪᠠᠶᠢᠨ᠎ᠠ᠃
ᠵᠧᠸ ᠳ᠋ᠢᠩ᠂ ᠸᠠᠩ ᠢᠦᠶ᠂ ᠸᠸᠨ ᠵᠢᠶᠦ᠋ᠨ ᠹᠸᠩ᠂ ᠬᠤᠤ ᠵᠢᠶᠠᠨ ᠡᠸ 4 ᠤᠷᠠᠯᠢᠭᠴᠢᠨ ᠬᠢᠲᠠᠳ ᠵᠢᠷᠤᠭ ᠤᠨ ᠵᠤᠬᠢᠶᠠᠨ ᠪᠦᠳᠦᠭᠡᠯᠭᠡ ᠵᠢ ᠤᠳᠠᠭᠠᠨ ᠵᠢᠯ ᠬᠢᠵᠦ᠂ ᠤᠷᠠᠨ ᠪᠦᠲᠦᠭᠡᠯ ᠨᠢ ᠴᠦ ᠤᠯᠠᠮᠵᠢᠯᠠᠯᠲᠤ ᠠᠭᠤᠯᠭ᠎ᠠ ᠪᠠ ᠴᠠᠭ ᠦᠶ᠎ᠡ ᠵᠢᠨ ᠬᠥᠭ ᠠᠶᠠᠰ ᠲᠠᠶ ᠶᠤᠮ᠃ ᠬᠥᠬᠡᠬᠣᠲᠠ ᠵᠢᠨ ᠰᠣᠶᠣᠯ ᠤᠨ ᠣᠷᠳᠣᠨ ᠡᠴᠡ ᠭᠤᠤᠯᠯᠠᠨ ᠡᠷᠬᠢᠯᠡᠭᠰᠡᠨ ᠲᠤᠰ ᠦᠵᠡᠬᠦᠯᠬᠡ ᠨᠢ ᠪᠡᠬᠡᠳᠦ ᠤᠷᠠᠯᠢᠭ ᠵᠢᠡᠷ ᠠᠴᠢᠶᠠᠯᠠᠪᠤᠷᠢ ᠪᠣᠯᠭᠠᠨ᠂ 4 ᠤᠷᠠᠯᠢᠭᠴᠢᠨ ᠤ 100 ᠭᠠᠷᠤᠶ ᠰᠣᠳᠣᠨ ᠪᠦᠲᠦᠭᠡᠯ ᠢ ᠳᠡᠯᠭᠡᠨ ᠦᠵᠡᠬᠦᠯᠵᠦ᠂ ᠵᠧᠸ ᠳ᠋ᠢᠩ ᠤᠨ ᠠᠭᠤᠯᠠ ᠤᠰᠤᠨ ᠤ ᠵᠢᠷᠤᠭ ᠤᠨ ᠦᠵᠡᠭᠦᠯᠭᠡ ᠵᠢᠨ ᠲᠣᠭᠣᠷᠢᠭ᠂ ᠸᠠᠩ ᠢᠦᠶ ᠵᠢᠨ ᠲᠦᠷᠢ ᠵᠢᠷᠤᠭ ᠤᠨ ᠦᠵᠡᠭᠦᠯᠭᠡ ᠵᠢᠨ ᠲᠣᠭᠣᠷᠢᠭ᠂ ᠸᠸᠨ ᠵᠢᠶᠦ᠋ᠨ ᠹᠸᠩ ᠤᠨ ᠴᠡᠴᠡᠭ ᠰᠢᠪᠠᠭᠤ ᠵᠢᠨ ᠵᠢᠷᠤᠭ ᠤᠨ ᠦᠵᠡᠭᠦᠯᠭᠡ ᠵᠢᠨ ᠲᠣᠭᠣᠷᠢᠭ᠂ ᠬᠤᠤ ᠵᠢᠶᠠᠨ ᠡᠤ ᠵᠢᠨ ᠪᠠᠷᠰ ᠤᠨ ᠵᠢᠷᠤᠭ ᠤᠨ ᠦᠵᠡᠭᠦᠯᠭᠡ ᠵᠢᠨ ᠲᠣᠭᠣᠷᠢᠭ 4 ᠣᠨᠴᠠᠯᠢᠭᠲᠤ ᠦᠵᠡᠭᠦᠯᠭᠡ ᠵᠢᠨ ᠲᠣᠭᠣᠷᠢᠭ ᠬᠤᠪᠢᠶᠠᠵᠠᠢ᠃ ᠦᠵᠡᠬᠦᠯᠬᠡ ᠳ᠋ᠤ ᠤᠯᠠᠮᠵᠢᠯᠠᠯᠲᠤ ᠤᠷ᠎ᠠ ᠮᠡᠷᠭᠡᠵᠢᠯ ᠬᠢᠭᠡᠳ ᠣᠲᠣ ᠦᠶ᠎ᠡ ᠵᠢᠨ ᠰᠢᠨ᠎ᠡ ᠡᠭᠦᠳᠦᠯᠲᠡ ᠵᠢᠨ ᠠᠭᠤᠰᠤᠯᠴᠠᠯ ᠵᠢᠡᠷ ᠳᠠᠮᠵᠢᠨ ᠬᠤᠪᠢᠰᠬᠠᠯ ᠤᠨ ᠳᠤᠷᠠᠰᠤᠮᠵᠢ ᠤᠯᠠᠮᠵᠢᠯᠠᠨ ᠵᠠᠯᠭᠠᠮᠵᠢᠯᠠᠵᠤ᠂ ᠡᠬᠡ ᠣᠷᠣᠨᠴᠢ ᠵᠣᠷᠢᠭ ᠰᠠᠨᠠᠭ᠎ᠠ ᠢᠢ ᠪᠠᠳᠠᠷᠠᠭᠤᠯᠤᠨ᠂ ᠳᠤᠮᠳᠠᠳᠤ ᠵᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤ ᠴᠣᠭᠴᠠᠯᠠᠬᠤ ᠰᠣᠶᠣᠯ ᠤᠨ ᠬᠦᠴᠦᠨ ᠢ ᠨᠢᠭᠳᠠᠷᠠᠭᠤᠯᠤᠭᠰᠠᠨ ᠵᠢᠡᠷ ᠪᠠᠷᠠᠬᠤ ᠦᠬᠡᠢ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠡᠭᠦᠳᠬᠦ ᠴᠢᠨᠠᠷᠲᠠᠶ ᠬᠥᠭ᠍ᠵᠢᠯᠲᠡ ᠠᠬᠢᠭᠤᠯᠬᠤ ᠵᠤᠷᠢᠵᠦ᠂ ᠬᠢᠳᠠᠳ ᠵᠢᠷᠤᠭ ᠤᠷᠠᠯᠢᠭ ᠤᠨ ᠰᠢᠨ᠎ᠡ ᠴᠠᠭ ᠦᠶ᠎ᠡ ᠳ᠋ᠡᠬᠢ ᠠᠮᠢᠵᠢᠷᠠᠯ ᠤᠨ ᠬᠦᠴᠦᠨ ᠢ ᠢᠯᠡᠷᠡᠬᠦᠯᠦᠨ᠂ ᠭᠠᠶᠢᠬᠠᠮᠰᠢᠭᠲᠤ ᠣᠨ ᠰᠠᠷ᠎ᠠ ᠡᠷᠭᠢᠴᠡᠭᠦᠯᠵᠦ᠂ ᠠᠭᠤᠤ ᠶᠡᠬᠡ ᠴᠠᠭ ᠦᠶ᠎ᠡ ᠮᠠᠭᠲᠠᠨ ᠳᠠᠭᠤᠯᠠᠵᠦ᠂ ᠦᠷᠬᠡᠨ ᠤᠯᠠᠨ ᠬᠣᠲᠠ ᠵᠢᠨ ᠠᠷᠠᠳ ᠪᠠ ᠬᠦᠷᠦᠯᠴᠡᠨ ᠢᠷᠡᠭᠰᠡᠨ ᠵᠢᠭᠤᠯᠴᠢᠯᠠᠭᠰᠠᠳ ᠲᠦ ᠦᠵᠡᠯ ᠰᠠᠨᠠᠭᠠᠴᠢ ᠴᠢᠨᠠᠷ ᠪᠠ ᠤᠷᠠᠯᠢᠭᠴᠢ ᠴᠢᠨᠠᠷ ᠪᠥᠬᠥᠶ ᠰᠣᠶᠣᠯ ᠤᠨ ᠦᠪᠡᠳᠡᠭ᠍ᠰᠢ ᠨᠠᠶᠢᠷ ᠢ ᠬᠠᠩᠭᠠᠪᠠ᠃