ᠵᠤᠬᠢᠶᠠᠭᠴᠢ:
ᠴᠠᠭ:2023-05-26
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠳ᠋ᠦ᠋ ᠢ ᠰᠢᠨ ᠪᠤᠭᠤᠲᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ
ᠣᠶᠢᠷ᠎ᠠ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ ᠥᠷᠨᠢᠭᠦᠯᠬᠦ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠳ᠋ᠦ᠋ ᠢ ᠰᠢᠨ 《ᠪᠥᠬᠥ ᠣᠷᠣᠨ ᠤ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠰᠠᠭᠤᠳᠠᠯ ᠤᠨ ᠰᠤᠳᠤᠯᠤᠯ》ᠭᠡᠬᠦ ᠰᠡᠳᠦᠪ ᠦᠨ ᠲᠣᠭᠣᠷᠢᠨ ᠳᠤ ᠪᠤᠭᠤᠲᠤ ᠬᠣᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠂ ᠪᠤᠭᠤᠲᠤ ᠬᠣᠲᠠ ᠶᠢᠨ ᠨᠠᠮ ᠤᠨ ᠬᠣᠷᠢᠶ᠎ᠠ ᠶᠢᠨ ᠨᠠᠮ ᠤᠨ ᠲᠡᠸᠬᠡ ᠰᠤᠳᠤᠯᠬᠤ ᠲᠠᠰᠤᠭ ᠂ ᠬᠣᠲᠠ ᠶᠢᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠺᠠᠳ᠋ᠷᠴᠤᠳ ᠲᠠᠶ ᠶᠠᠷᠢᠯᠴᠠᠨ ᠰᠣᠯᠢᠯᠴᠠᠪᠠ ᠃ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠦᠨ ᠳᠠᠷᠤᠭ᠎ᠠ᠂ ᠬᠤᠳᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠦᠨ ᠡᠷᠬᠢᠯᠡᠭᠴᠢ ᠦ᠋ ᠭᠦᠸᠧ ᠳ᠋ᠦᠩ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ

ᠶᠠᠷᠢᠯᠴᠠᠬᠤ ᠬᠤᠷᠠᠯ ᠳᠡᠭᠡᠷ᠎ᠡ᠂ ᠪᠤᠭᠤᠲᠤ ᠬᠤᠳᠠ ᠶᠢᠨ ᠨᠠᠮ ᠤᠨ ᠬᠣᠷᠢᠢ᠎ᠠ ᠶᠢᠨ ᠨᠠᠮ ᠤᠨ ᠲᠡᠦᠬᠡ ᠰᠤᠳᠤᠯᠬᠤ ᠲᠠᠰᠤᠭ ᠪᠣᠯᠤᠨ ᠬᠤᠳᠠ ᠶᠢᠨ ᠵᠠᠰᠠᠭ ᠤᠨ ᠣᠷᠳᠣᠨ ᠤ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠲᠤᠰ ᠲᠤᠰ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠦᠷ᠎ᠡ ᠪᠦᠲᠦᠮᠵᠢ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠬᠤᠷᠠᠯ ᠳᠤ ᠣᠷᠣᠯᠴᠠᠭᠰᠠᠳ ᠠᠵᠢᠯ ᠤᠨ ᠪᠣᠳᠠᠲᠠᠢ ᠲᠠᠶ ᠪᠠᠨ ᠤᠶᠠᠯᠳᠤᠭᠤᠯᠤᠨ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠡᠦᠬᠡ ᠣᠶᠢᠯᠠᠯᠭ᠎ᠠ ᠶᠢᠨ ᠠᠵᠢᠯ ᠤᠨ ᠦᠵᠦ ᠲᠥᠯᠥᠪᠯᠡᠭᠡ ᠶᠢ ᠴᠢᠩᠭᠠᠳᠬᠠᠬᠤ᠂ ᠲᠡᠦᠬᠡ ᠣᠶᠢᠯᠠᠯᠭ᠎ᠠ ᠶᠢᠨ ᠺᠠᠳ᠋ᠷ ᠤᠨ ᠡᠩᠨᠡᠭᠡᠨ ᠦ ᠪᠠᠶᠢᠭᠤᠯᠤᠯᠲᠠ ᠶᠢ ᠠᠬᠢᠭᠤᠯᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠭᠦᠨᠵᠡᠭᠡᠢ ᠥᠷᠨᠢᠭᠦᠯᠬᠦ᠂ ᠲᠣᠭᠠᠴᠢᠯᠠᠭᠰᠠᠨ ᠮᠠᠲ᠋ᠧᠷᠢᠶᠠᠯ ᠤᠨ ᠬᠥᠮᠥᠷᠭᠡ ᠶᠢ ᠰᠦᠪᠡᠭᠴᠢᠯᠡᠨ ᠪᠠᠶᠢᠭᠤᠯᠬᠤ ᠵᠢᠴᠢ ᠰᠡᠳᠦᠪ ᠦᠨ ᠰᠤᠳᠤᠯᠭᠠᠨ ᠢ ᠦᠢᠯᠡᠳᠦᠯᠴᠡᠨ ᠥᠷᠨᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃
ᠳ᠋ᠦ᠋ ᠢ ᠰᠢᠨ ᠡᠷᠬᠢᠯᠡᠭᠴᠢ᠂ ᠪᠤᠭᠤᠲᠤ ᠬᠤᠳᠠ ᠶᠢᠨ ᠲᠡᠦᠬᠡ ᠣᠶᠢᠯᠠᠯᠭ᠎ᠠ ᠶᠢᠨ ᠠᠵᠢᠯ ᠢᠮᠠᠭᠲᠠ ᠪᠦᠬᠦ ᠣᠷᠣᠨ ᠤ ᠡᠮᠦᠨ᠎ᠡ ᠡᠩᠨᠡᠭᠡᠨ ᠳᠦ ᠶᠠᠪᠤᠵᠤ ᠂ ᠪᠤᠭᠤᠲᠤ ᠬᠤᠳᠠ ᠶᠢ ᠰᠤᠩᠭᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠶᠢᠴᠠᠭᠠᠨ ᠰᠤᠳᠤᠯᠤᠯᠲᠠ ᠬᠢᠵᠦ ᠪᠠᠢᠭ᠎ᠠ ᠨᠢ ᠲᠥᠯᠥᠭᠡᠯᠡᠬᠦ ᠴᠢᠨᠠᠷᠲᠠᠢ ᠶᠤᠮ᠃ ᠶᠠᠷᠢᠯᠴᠠᠨ ᠰᠣᠯᠢᠯᠴᠠᠬᠤ ᠳᠤᠮᠳᠠ ᠤᠯᠠᠨ ᠢᠶᠠᠷ ᠢᠶᠠᠨ ᠮᠠᠰᠢ ᠰᠠᠢᠢᠨ ᠰᠠᠨᠠᠯ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠠᠴᠠ ᠰᠠᠢᠢᠨ ᠲᠤᠷᠰᠢᠯᠭ᠎ᠠ᠂ ᠰᠠᠢᠢᠨ ᠠᠷᠭ᠎ᠠ ᠶᠢ ᠳ᠋ᠦᠩᠨᠡᠨ ᠪᠣᠯᠪᠠᠰᠤᠷᠠᠭᠤᠯᠵᠤ᠂ ᠬᠦᠴᠦᠨ ᠴᠢᠳᠠᠪᠤᠷᠢ ᠶᠢᠨ ᠳᠡᠭᠡᠭᠰᠢᠯᠡᠯᠲᠡ ᠶᠢ ᠨᠥᠯᠥᠭᠡᠯᠡᠵᠦ ᠲᠤᠪᠤᠢᠢᠮ᠎ᠠ ᠠᠰᠠᠭᠤᠳᠠᠯ ᠢ ᠨᠠᠷᠢᠨ ᠬᠢᠨᠠᠮᠠᠭᠠᠢ ᠣᠨᠣᠪᠴᠢᠲᠠᠢ ᠡᠷᠢᠨ ᠣᠯᠵᠤ᠂ ᠬᠠᠨᠳᠤᠯᠭᠠᠲᠤ ᠴᠢᠨᠠᠷᠲᠠᠢ ᠠᠷᠭᠠᠴᠠᠬᠤ ᠪᠤᠳᠤᠯᠭ᠎ᠠ ᠪᠣᠯᠤᠨ ᠠᠷᠭ᠎ᠠ ᠬᠡᠮᠵᠢᠢ᠎ᠡ ᠶᠢ ᠰᠤᠳᠤᠯᠤᠨ ᠳᠤᠷᠠᠳᠬᠤ ᠪᠣᠯᠤᠨ᠎ᠠ ᠃