ᠵᠤᠬᠢᠶᠠᠭᠴᠢ:
ᠴᠠᠭ:2023-06-09
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠲᠠᠰᠤᠭ
ᠮᠠᠨ ᠤ ᠲᠠᠰᠤᠭ ᠤᠨ ᠭᠤᠷᠪᠠᠨ ᠭᠠᠵᠠᠷ ᠤᠨ ᠲᠦᠷ ᠴᠠᠭ ᠤᠨ ᠨᠠᠮ ᠤᠨ ᠡᠭᠦᠷ ᠤᠨ ᠬᠢᠨ ᠥᠪᠥᠷ ᠮᠣᠩᠭᠣᠯ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠨᠡᠶᠢᠭᠡᠮ ᠦᠨ ᠤᠬᠠᠭᠠᠨ ᠤ ᠭᠠᠵᠠᠷ ᠤᠳᠬ᠎ᠠ ᠵᠣᠬᠢᠶᠠᠯ ᠤᠨ ᠭᠠᠵᠠᠷ ᠤᠨ ᠨᠠᠮ ᠤᠨ ᠡᠭᠦᠷ ᠲᠡᠶ ᠬᠠᠮᠲᠤᠷᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ ᠥᠷᠨᠢᠭᠦᠯᠪᠡ
ᠨᠠᠮ ᠤᠨ ᠬᠣᠷᠢᠳᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠦ ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠢ ᠭᠦᠨᠵᠡᠭᠡᠢ ᠪᠦᠭᠡᠳ ᠪᠤᠳᠠᠲᠠᠢ ᠶᠠᠪᠤᠭᠳᠠᠭᠤᠯᠬᠤ ᠶᠢ ᠠᠬᠢᠭᠤᠯᠬᠤ ᠶᠢᠨ ᠲᠤᠰᠠᠳᠠ ᠂ 2023 ᠣᠨ ᠤ 6 ᠰᠠᠷ᠎ᠠ ᠶᠢᠨ 7 ᠋ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠢ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠭᠤᠷᠪᠠᠨ ᠭᠠᠵᠠᠷ ᠤᠨ ᠲᠦᠷ ᠴᠠᠭ ᠤᠨ ᠨᠠᠮ ᠤᠨ ᠡᠭᠦᠷ ᠤᠨ ᠬᠢᠨ ᠥᠪᠥᠷ ᠮᠣᠩᠭᠣᠯ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠨᠡᠶᠢᠭᠡᠮ ᠦᠨ ᠤᠬᠠᠭᠠᠨ ᠤ ᠭᠠᠵᠠᠷ ᠤᠳᠬ᠎ᠠ ᠵᠣᠬᠢᠶᠠᠯ ᠤᠨ ᠭᠠᠵᠠᠷ ᠤᠨ ᠨᠠᠮ ᠤᠨ ᠡᠭᠦᠷ ᠲᠡᠶ ᠬᠠᠮᠲᠤᠷᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ ᠦᠷᠨᠢᠭᠥᠯᠪᠡ᠃ ᠭᠤᠷᠪᠠᠨ ᠭᠠᠵᠠᠷ ᠤᠨ ᠲᠦᠷ ᠴᠠᠭ ᠤᠨ ᠨᠠᠮ ᠤᠨ ᠡᠭᠦᠷ ᠦᠨ ᠱᠦᠵᠢ ᠂ ᠭᠠᠵᠠᠷ ᠲᠠᠰᠤᠭ ᠤᠨ ᠬᠠᠷᠢᠭᠤᠴᠠᠯᠭᠠᠲᠠᠨ ᠵᠠᠩ ᠵᠧᠨ ᠨᠢᠩ 《ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠵᠤ ᠲᠠᠪᠤᠨ ᠶᠡᠬᠡ ᠡᠭᠦᠷᠭᠡ ᠶᠢ ᠯᠠᠪᠳᠠᠭᠤᠨ ᠢᠶᠠᠷ ᠠᠬᠢᠭᠤᠯᠤᠶ᠎ᠠ》ᠭᠡᠰᠡᠨ ᠰᠡᠳᠦᠪ ᠢᠶᠡᠷ ᠲᠤᠰᠬᠠᠶ ᠰᠡᠳᠦᠪᠲᠦ ᠨᠠᠮ ᠤᠨ ᠬᠢᠴᠢᠶᠡᠯ ᠬᠢᠪᠡ᠃

ᠬᠤᠷᠠᠯ ᠳᠡᠭᠡᠷ᠎ᠡ᠂ ᠤᠳᠬ᠎ᠠ ᠵᠣᠬᠢᠶᠠᠯ ᠰᠤᠳᠤᠯᠬᠤ ᠭᠠᠵᠠᠷ ᠤᠨ ᠳᠠᠷᠤᠭ᠎ᠠ ᠯᠢᠨ《ᠥᠪᠥᠷ ᠮᠣᠩᠭᠣᠯ ᠤᠨ ᠪᠤᠷᠬᠠᠨ ᠤ ᠱᠠᠰᠢᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ ᠥᠪᠥᠷ ᠮᠣᠩᠭᠣᠯ ᠤᠨ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠤᠬᠠᠮᠰᠠᠷ ᠶᠢ ᠪᠡᠬᠢᠵᠢᠭᠦᠯᠬᠦ ᠢ ᠠᠬᠢᠭᠤᠯᠤᠶ᠎ᠠ》ᠭᠡᠬᠦ ᠰᠡᠳᠦᠪ ᠢᠶᠡᠷ ᠲᠤᠰᠬᠠᠢ ᠰᠡᠳᠦᠪᠲᠦ ᠶᠠᠷᠢᠶ᠎ᠠ ᠲᠠᠯᠪᠢᠵᠤ᠂ ᠨᠡᠶᠢᠭᠡᠮ ᠦᠨ ᠤᠬᠠᠭᠠᠨ ᠤ ᠭᠠᠵᠠᠷ ᠤᠳᠬ᠎ᠠ ᠵᠣᠬᠢᠶᠠᠯ ᠤᠨ ᠭᠠᠵᠠᠷ ᠤᠨ ᠬᠠᠮᠲᠤᠷᠠᠭᠰᠠᠨ ᠨᠠᠮ ᠤᠨ ᠡᠭᠦᠷ ᠦᠨ ᠱᠦᠵᠢ᠂ ᠨᠡᠶᠢᠭᠡᠮ ᠦᠨ ᠤᠬᠠᠭᠠᠨ ᠰᠤᠳᠤᠯᠬᠤ ᠭᠠᠵᠠᠷ ᠤᠨ ᠳᠠᠷᠤᠭ᠎ᠠ ᠱᠤᠸᠠᠩ ᠪᠦᠦ《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯᠤᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠦᠨ ᠤᠬᠠᠭᠠᠨ》ᠭᠡᠬᠦ ᠲᠤᠰᠬᠠᠢ ᠰᠡᠳᠦᠪᠲᠦ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠬᠡᠰᠡᠭ ᠨᠠᠮ ᠤᠨ ᠭᠡᠰᠢᠭᠥᠳ ᠶᠡᠷᠦᠩᠬᠡᠢ ᠱᠦᠵᠢ ᠰᠢ ᠶᠢᠨ ᠫᠢᠩ ᠦᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠣᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠵᠤ᠂ ᠡᠷᠬᠢᠯᠡᠨ ᠬᠤᠷᠠᠯᠳᠤᠭᠤᠯᠤᠭᠰᠠᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ《ᠤᠮᠠᠷᠠᠲᠤ ᠶᠢᠨ ᠭᠤᠷᠪᠠᠨ ᠣᠷᠣᠨ》ᠵᠡᠷᠭᠡ ᠭᠣᠣᠯᠳᠠᠯᠭ᠎ᠠ ᠲᠠᠶ ᠠᠮᠢ ᠠᠬᠤᠢ ᠶᠢᠨ ᠢᠨᠵᠧᠨᠧᠷᠢᠩ ᠦᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠳᠠᠭᠠᠭᠤᠯᠤᠨ ᠰᠤᠷᠤᠯᠴᠪᠠ ᠃
ᠰᠤᠷᠤᠯᠴᠠᠯᠭ᠎ᠠ ᠳᠤ ᠣᠷᠣᠯᠴᠠᠭᠰᠠᠨ ᠨᠠᠮ ᠤᠨ ᠭᠡᠰᠢᠭᠦᠳ᠂ ᠰᠢ ᠶᠢᠨ ᠫᠢᠩ ᠋ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠣᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠬᠦᠳᠤᠯᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠢᠭᠤᠯᠭ᠎ᠠ ᠨᠢᠭᠡᠴᠡ ᠶᠢᠨ ᠬᠣᠭᠣᠷᠣᠨᠳᠣᠬᠢ ᠤᠯᠤᠯᠴᠠᠭ᠎ᠠ ᠰᠣᠯᠢᠯᠴᠠᠭ᠎ᠠ ᠶᠢ ᠲᠠᠰᠤᠷᠠᠯᠳᠡ ᠦᠭᠡᠢ ᠴᠢᠩᠭᠠᠳᠬᠠᠵᠤ᠂ ᠬᠠᠮᠲᠤᠷᠠᠨ ᠰᠤᠳᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠦᠨᠡᠨᠬᠦ ᠪᠡᠶᠡᠯᠡᠭᠦᠯᠦᠨ᠎ᠡ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠲᠤᠤᠱᠯᠠᠭᠤᠯᠵᠤ ᠂ ᠭᠣᠣᠯ ᠰᠡᠳᠦᠪᠲᠦ ᠬᠥᠮᠦᠵᠢᠯ ᠦᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠶᠡᠷᠦᠩᠬᠡᠢ ᠱᠦᠵᠢ ᠶᠢᠨ ᠥᠪᠥᠷ ᠮᠣᠩᠭᠣᠯ ᠳᠤ ᠥᠭᠭᠦᠭᠰᠡᠨ ᠴᠢᠬᠤᠯᠠ ᠵᠢᠭᠠᠪᠤᠷᠢ ᠶᠢ ᠰᠤᠷᠤᠯᠴᠠᠬᠤ ᠯᠤᠭ᠎ᠠ ᠤᠬᠠᠮᠰᠠᠷ ᠠᠴᠠ ᠪᠠᠨ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠪᠤᠨ ᠶᠡᠬᠡ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠋ ᠢ ᠪᠦᠬᠦ ᠲᠠᠯ᠎ᠠ ᠪᠠᠷ ᠪᠠᠶᠢᠭᠤᠯᠬᠤ ᠬᠣᠶᠠᠷ ᠶᠡᠬᠡ ᠶᠠᠪᠤᠳᠠᠯ ᠲᠠᠶ ᠤᠶᠠᠯᠳᠤᠭᠤᠯᠵᠤ᠂ ᠰᠤᠷᠴᠤ ᠬᠡᠷᠡᠭᠯᠡᠭᠰᠡᠨ ᠦᠷ᠎ᠡ ᠪᠦᠲᠦᠭᠡᠯ ᠢ ᠬᠤᠪᠢᠷᠠᠭᠤᠯᠬᠤ ᠶᠢ ᠦᠨᠡᠨᠬᠦ ᠰᠠᠶᠢᠲᠤᠷ ᠠᠳᠬᠤᠵᠤ᠂ ᠪᠦᠬᠦ ᠣᠷᠣᠨ ᠤ ᠨᠠᠮ ᠤᠨ ᠲᠡᠦᠬᠡ᠂ ᠨᠡᠶᠢᠭᠡᠮ ᠦᠨ ᠤᠬᠠᠭᠠᠨ᠂ ᠤᠳᠬ᠎ᠠ ᠵᠣᠬᠢᠶᠠᠯ ᠤᠨ ᠰᠤᠳᠤᠯᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠦ ᠢᠯᠡᠳᠭᠡᠵᠡᠭᠡᠪᠡ᠃