ᠵᠤᠬᠢᠶᠠᠭᠴᠢ:
ᠴᠠᠭ:2023-06-09
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ 4 ᠤᠳᠠᠭᠠᠨ ᠤ ᠬᠤᠷᠠᠯ ᠵᠢᠴᠢ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠠᠯᠪᠠᠨ ᠬᠡᠷ 5 ᠤᠳᠠᠭᠠᠨ ᠤ ᠬᠤᠷᠠᠯ ᠬᠤᠷᠠᠯᠳᠤᠭᠤᠯᠪᠠ
6 ᠳ᠋ᠤᠭᠠᠷ ᠰᠠᠷ᠎ᠠ ᠶᠢᠨ 1 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ 4 ᠤᠳᠠᠭ᠎ᠠ ᠶᠢᠨ ᠬᠤᠷᠠᠯ ᠵᠢᠴᠢ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠦᠨ 5 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ ᠃ ᠲᠠᠰᠤᠭ ᠤᠨ ᠡᠷᠬᠢᠯᠡᠭᠴᠢ᠂ ᠲᠠᠰᠤᠭ ᠤᠨ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠦ᠋ ᠢ ᠰᠢᠨ ᠬᠤᠷᠠᠯ ᠢ ᠡᠷᠬᠢᠯᠡᠪᠡ᠃ ᠲᠠᠰᠤᠭ ᠤᠨ ᠳᠡᠳ᠋ ᠡᠷᠬᠢᠯᠡᠭᠴᠢ ᠂ ᠲᠠᠰᠤᠭ ᠤᠨ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠶ ᠱᠠᠨ ᠂ ᠯᠢ ᠬᠣᠩ ᠬᠤᠷᠠᠯ ᠳᠤ ᠣᠷᠣᠯᠴᠠᠵᠠᠶ ᠃ ᠳᠠᠰᠤᠭ ᠦᠨ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠠ ᠠᠯᠪᠠᠨ ᠬᠡᠷ ᠦᠨ ᠪᠦᠷᠢᠯᠳᠦᠬᠦᠨ ᠨᠠᠷ ᠬᠤᠷᠠᠯ ᠳᠤ ᠰᠤᠯᠠ ᠣᠷᠣᠯᠴᠠᠪᠠ ᠃

ᠳ᠋ᠦ᠋ ᠢ ᠰᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠢ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤᠤ ᠴᠸᠩ ᠤᠨ ᠥᠪᠡᠷᠲᠡᠭᠡᠨ ᠵᠠᠰᠠᠬᠤ ᠣᠷᠣᠨ ᠤ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ 《ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ ᠭᠣᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠮᠡᠳᠡᠭᠳᠡᠯ》ᠵᠡᠷᠭᠡ ᠪᠢᠴᠢᠭ ᠢ ᠳᠠᠭᠠᠭᠤᠯᠤᠨ ᠰᠤᠷᠤᠯᠴᠠᠵᠠᠢ᠃
ᠯᠢ ᠬᠣᠩ ᠥᠪᠡᠷᠲᠡᠭᠡᠨ ᠵᠠᠰᠠᠬᠤ ᠣᠷᠣᠨ ᠤ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠦᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠤᠳᠤᠯᠬᠤ ᠲᠠᠰᠤᠭ ᠤᠨ ᠭᠣᠣᠯ ᠰᠡᠳᠦᠪᠲᠦ ᠬᠥᠮᠦᠵᠢᠯ ᠦᠨ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠤᠬᠠᠭᠤᠯᠤᠨ ᠵᠢᠯᠣᠭᠣᠳᠬᠤ᠂ ᠠᠵᠢᠯ ᠤᠨ ᠲᠣᠭᠲᠠᠴᠠ ᠵᠡᠷᠭᠡ ᠡᠯ᠎ᠡ ᠵᠦᠢᠯ ᠦᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠤ᠂ ᠤᠨᠤᠯ ᠤᠨ ᠰᠤᠷᠤᠯᠴᠠᠯᠭ᠎ᠠ ᠳᠤ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠴᠢᠬᠤᠯᠠᠴᠢᠯᠠᠬᠤ ᠶᠢᠨ ᠬᠠᠮᠲᠤ ᠲᠡᠦᠬᠡ ᠣᠶᠢᠯᠠᠯᠭ᠎ᠠ ᠶᠢᠨ ᠲᠤᠬᠠᠶᠢᠯᠠᠭᠰᠠᠨ ᠠᠵᠢᠯ ᠲᠠᠶ ᠪᠠᠨ ᠤᠶᠠᠯᠳᠤᠭᠤᠯᠵᠤ᠂ ᠨᠠᠷᠢᠨ ᠤᠩᠰᠢᠵᠤ ᠨᠠᠷᠢᠨ ᠰᠤᠳᠤᠯᠵᠤ᠂ ᠴᠠᠭ ᠲᠤᠬᠠᠢ ᠳᠤᠨᠢ ᠮᠥᠷᠳᠡᠨ ᠳᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠳᠤᠯᠬᠤ ᠲᠠᠰᠤᠭ ᠤᠨ ᠭᠣᠸᠯ ᠰᠡᠳᠦᠪᠲᠦ ᠬᠥᠮᠦᠵᠢᠯ ᠦᠨ ᠠᠯᠪᠠᠨ ᠬᠡᠷ ᠦᠨ ᠡᠯ᠎ᠡ ᠠᠵᠢᠯᠯᠠᠬᠤ ᠳᠤᠭᠤᠶᠢᠯᠠᠩ ᠤᠨ ᠬᠣᠭᠣᠷᠣᠨᠳᠣ ᠂ ᠵᠢᠴᠢ ᠰᠤᠳᠤᠯᠬᠤ ᠲᠠᠰᠤᠭ ᠤᠨ ᠡᠯ᠎ᠡ ᠭᠠᠵᠠᠷ ᠭᠡᠷ ᠤᠨ ᠬᠣᠭᠣᠷᠣᠨᠳᠣ ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ ᠂ ᠠᠳᠠᠯᠢ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠠᠵᠢᠯ ᠤᠨ ᠲᠣᠭᠲᠠᠴᠠ ᠶᠢ ᠪᠣᠯᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠭᠣᠸᠯ ᠰᠡᠳᠦᠪᠲᠦ ᠬᠥᠮᠦᠵᠢᠯ ᠦᠨ ᠠᠷᠪᠠᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠳᠤ ᠠᠵᠢᠯ ᠢᠶᠠᠨ ᠴᠠᠭ ᠲᠤᠬᠠᠶ ᠳᠤᠨᠢ ᠬᠠᠷᠢᠭᠤ ᠮᠡᠳᠡᠭᠦᠯᠵᠦ ᠵᠢᠭᠠᠪᠤᠷᠢ ᠠᠪᠬᠤ ᠬᠡᠷᠡᠭᠲᠡᠶ ᠭᠡᠵᠦ ᠴᠢᠬᠤᠯᠠᠴᠢᠯᠠᠪᠠ ᠃
ᠳ᠋ᠦ᠋ ᠢ ᠰᠢᠨ᠂ ᠥᠪᠡᠷᠲᠡᠭᠡᠨ ᠵᠠᠰᠠᠬᠤ ᠣᠷᠣᠨ ᠤ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ᠂ ᠭᠣᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠴᠢᠳᠠᠪᠤᠷᠢ᠂ ᠰᠡᠳᠬᠢᠬᠦᠢ ᠶᠢᠨ ᠴᠢᠳᠠᠪᠤᠷᠢ ᠪᠣᠯᠤᠨ ᠦᠢᠯᠡᠳᠦᠯᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃