ᠵᠤᠬᠢᠶᠠᠭᠴᠢ:
ᠴᠠᠭ:2023-06-30
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠲᠠᠰᠤᠭ
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠭᠣᠸᠯ ᠰᠡᠳᠦᠪᠲᠦ ᠬᠥᠮᠦᠵᠢᠯ ᠦᠨ ᠬᠣᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ 2023 ᠣᠨ ᠤ ᠠᠷᠪᠠ ᠶᠢᠰᠦᠳᠦᠭᠡᠷ ᠤᠳᠠᠭᠠᠨ ᠤ ᠣᠨᠣᠯ ᠰᠤᠷᠤᠯᠴᠠᠬᠤ ᠭᠣᠸᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
6 ᠳ᠋ᠤᠭᠠᠷ ᠰᠠᠷ᠎ᠠ ᠶᠢᠨ 21 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠭᠣᠸᠯ ᠰᠡᠳᠦᠪᠲᠦ ᠬᠥᠮᠦᠵᠢᠯ ᠦᠨ ᠬᠣᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ 2023 ᠣᠨ ᠤ ᠠᠷᠪᠠ ᠶᠢᠰᠦᠳᠦᠭᠡᠷ ᠤᠳᠠᠭ᠎ᠠ ᠶᠢᠨ ᠣᠨᠣᠯ ᠰᠤᠷᠤᠯᠴᠠᠬᠤ ᠭᠣᠸᠯ ᠳᠤᠭᠤᠶᠢᠯᠠᠩ︵ᠥᠷᠭᠡᠳᠬᠡᠭᠰᠡᠨ︶ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠭᠣᠣᠯ ᠰᠡᠳᠦᠪᠲᠦ ᠬᠥᠮᠦᠵᠢᠯ ᠦᠨ ᠠᠷᠪᠠᠳᠤᠭᠠᠷ ᠲᠣᠭᠣᠷᠢᠨ ᠵᠢᠯᠣᠭᠣᠳᠬᠤ ᠳᠤᠭᠤᠶᠢᠯᠠᠩ ᠤᠨ ᠪᠦᠷᠢᠯᠳᠦᠬᠦᠨ ᠵᠢᠢ ᠴᠢᠦ ᠴᠧᠩ ᠬᠤᠷᠠᠯ ᠳᠤ ᠣᠷᠣᠯᠴᠠᠨ ᠵᠢᠭᠠᠨ ᠵᠢᠯᠣᠭᠣᠳᠪᠠ᠃ ᠲᠠᠰᠤᠭ ᠤᠨ ᠡᠷᠬᠢᠯᠡᠭᠴᠢ᠂ ᠭᠣᠣᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠦ᠋ ᠢ ᠰᠢᠨ ᠬᠤᠷᠠᠯ ᠢ ᠡᠷᠬᠢᠯᠡᠪᠡ᠃ ᠳᠠᠰᠤᠭ ᠦᠨ ᠳᠡᠳ᠋ ᠡᠷᠬᠢᠯᠡᠭᠴᠢ ᠂ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠦ ᠬᠠᠶ ᠱᠠᠨ ᠂ ᠳᠠᠰᠤᠭ ᠦᠨ ᠳᠡᠳ᠋ ᠡᠷᠬᠢᠯᠡᠭᠴᠢ ᠂ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠂ ᠭᠣᠸᠯ ᠰᠡᠳᠦᠪᠲᠦ ᠬᠥᠮᠦᠵᠢᠯ ᠦᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠦᠨ ᠡᠷᠬᠢᠯᠡᠭᠴᠢ ᠯᠢ ᠬᠣᠩ ᠬᠤᠷᠠᠯ ᠳᠤ ᠣᠷᠣᠯᠴᠠᠵᠠᠶ ᠃ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠰᠤᠳᠤᠯᠬᠤ ᠬᠣᠶᠠᠳᠤᠭᠠᠷ ᠭᠠᠵᠠᠷ᠂ ᠤᠬᠠᠭᠤᠯᠭ᠎ᠠ ᠬᠥᠮᠦᠵᠢᠯ ᠦᠨ ᠭᠠᠵᠠᠷ ᠤᠨ ᠬᠠᠮᠲᠤᠷᠠᠭᠰᠠᠨ ᠲᠦᠷ ᠴᠠᠭ ᠤᠨ ᠨᠠᠮ ᠤᠨ ᠡᠭᠦᠷ ᠦᠨ ᠨᠠᠮ ᠤᠨ ᠭᠡᠰᠢᠭᠦᠨ ᠺᠠᠳ᠋ᠷ ᠬᠤᠷᠠᠯ ᠳᠤ ᠰᠤᠯᠠ ᠣᠷᠣᠯᠴᠠᠪᠠ ᠃

ᠯᠢ ᠬᠣᠩ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ ᠦᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠳ᠋ᠦ᠋ ᠢ ᠰᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠣᠷᠢᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠠᠢ᠃ ᠨᠠᠮ ᠤᠨ ᠬᠢᠴᠢᠶᠡᠯ ᠨᠢ ᠶᠡᠷᠦᠩᠬᠡᠢ ᠱᠦᠵᠢ ᠶᠢᠨ ᠲᠤᠰᠢᠶᠠᠭᠰᠠᠨ ᠲᠠᠪᠤᠨ ᠶᠡᠬᠡ ᠡᠭᠦᠷᠭᠡ ᠶᠢ ᠡᠷᠡᠰ ᠰᠠᠶᠢᠲᠤᠷ ᠬᠢᠬᠦ᠂《ᠵᠢᠱᠢᠶᠡᠴᠢ ᠥᠪᠡᠷᠲᠡᠭᠡᠨ ᠵᠠᠰᠠᠬᠤ ᠣᠷᠣᠨ》 ᠋ ᠢ ᠦᠷᠭᠦᠯᠵᠢᠯᠡᠨ ᠪᠦᠬᠦ ᠲᠠᠯ᠎ᠠ ᠪᠠᠷ ᠰᠠᠶᠢᠲᠤᠷ ᠪᠦᠳᠦᠬᠡᠨ ᠪᠠᠶᠢᠭᠤᠯᠬᠤ ᠪᠠᠷ ᠬᠥᠲᠥᠯᠪᠦᠷᠢ ᠪᠣᠯᠭᠠᠵᠤ᠂ ᠥᠪᠥᠷ ᠮᠣᠩᠭᠣᠯ ᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠶᠠᠪᠤᠴᠠ᠂ ᠣᠳᠣᠬᠢ ᠪᠠᠶᠢᠳᠠᠯ ᠵᠢᠴᠢ ᠢᠷᠡᠭᠡᠳᠦᠢ ᠶᠢᠨ ᠬᠦᠴᠦᠯᠡᠬᠦ ᠴᠡᠭ ᠢ ᠰᠢᠰᠲᠸᠮ ᠲᠠᠢ ᠲᠠᠶᠢᠯᠪᠤᠷᠢᠯᠠᠪᠠ᠃