ᠵᠤᠬᠢᠶᠠᠭᠴᠢ:
ᠴᠠᠭ:2023-07-07
ᠥᠵᠡᠭᠰᠡᠨ : ℃
ᠢᠷᠡᠯᠲᠡ: ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ
ᠣᠨ ᠤ ᠣᠶᠢᠯᠠᠪᠤᠷᠢ ᠶᠢᠨ ᠭᠠᠵᠠᠷ 2023 ᠣᠨ ᠤ 6 ᠳ᠋ᠤᠭᠠᠷ ᠤᠳᠠᠭᠠᠨ ᠤ ᠲᠣᠭᠲᠠᠮᠠᠯ ᠬᠤᠷᠠᠯ ᠬᠤᠷᠠᠯᠳᠤᠭᠤᠯᠵᠤ ᠭᠣᠸᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠣᠸᠯᠳᠠᠯᠭ᠎ᠠ ᠲᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ
6 ᠰᠠᠷ᠎ᠠ ᠶᠢᠨ 26 ᠋ ᠤ ᠦᠳᠡ ᠶᠢᠨ ᠬᠣᠶᠢᠨᠠ᠂ ᠣᠨ ᠤ ᠶᠢᠨ ᠭᠠᠵᠠᠷ 2023 ᠣᠨ ᠤ 6 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠨᠠᠮ ᠤᠨ ᠲᠡᠸᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠭᠣᠸᠯ ᠰᠡᠳᠦᠪᠲᠦ ᠬᠥᠮᠦᠵᠢᠯ ᠦᠨ ᠠᠵᠢᠯ ᠤᠨ ᠲᠥᠯᠥᠪᠯᠡᠭᠡ ᠪᠠ ᠣᠨ ᠤ ᠶᠢᠨ ᠭᠠᠵᠠᠷ ᠤᠨ ᠪᠣᠳᠠᠲᠠᠶ ᠰᠤᠷᠤᠯᠴᠠᠯᠭ᠎ᠠ ᠶᠢᠨ ᠲᠣᠬᠢᠷᠠᠭᠤᠯᠤᠯᠲᠠ ᠶᠣᠰᠣᠭᠠᠷ ᠂ ᠣᠨ ᠤ ᠶᠢᠨ ᠭᠠᠵᠠᠷ ᠤᠨ ᠲᠦᠷ ᠴᠠᠭ ᠤᠨ ᠨᠠᠮ ᠤᠨ ᠡᠭᠦᠷ ᠦᠨ ᠱᠦᠵᠢ 《 ᠮᠣᠩᠭᠣᠯ ᠮᠣᠷᠢᠨ ᠤ ᠵᠣᠷᠢᠭ ᠰᠠᠨᠠᠭ᠎ᠠ ᠶᠢ ᠬᠡᠷᠬᠢᠨ ᠦᠶᠯᠡᠳᠦᠯᠭᠡᠵᠢᠭᠦᠯᠬᠦ 》 ᠰᠡᠳᠦᠪ ᠢᠶᠡᠷ ᠭᠣᠸᠯ ᠰᠡᠳᠦᠪᠲᠦ ᠨᠠᠮ ᠤᠨ ᠬᠢᠴᠢᠶᠡᠯ ᠃ ᠪᠥᠬᠥ ᠭᠠᠵᠠᠷ ᠤᠨ ᠬᠥᠮᠦᠰ ᠨᠠᠷᠢᠨ ᠬᠢᠨᠠᠮᠠᠭᠠᠶ ᠰᠣᠨᠣᠰᠴᠤ ᠂ ᠣᠨ ᠤ ᠣᠶᠢᠯᠠᠪᠤᠷᠢ ᠨᠠᠶᠢᠷᠠᠭᠤᠯᠬᠤ ᠪᠣᠳᠠᠲᠠᠶ ᠠᠵᠢᠯ ᠤᠨ ᠳᠤᠮᠳᠠ 《 ᠵᠣᠪᠠᠭᠤᠷᠢ ᠵᠦᠳᠡᠭᠦᠷᠢ ᠶᠢ ᠂ ᠪᠤᠴᠠᠯᠲᠠ ᠥᠬᠡᠶ ᠂ ᠵᠣᠷᠢᠯᠭ᠎ᠠ ᠳᠠᠭᠠᠨ ᠶᠠᠭᠠᠬᠢᠭᠰᠠᠨ ᠴᠤ 》 ᠮᠣᠩᠭᠣᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠰᠣᠳᠣᠨ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠰᠠᠨᠠᠯ ᠨᠢᠭᠡᠲᠡᠶ ᠃ ᠡᠭᠦᠨ ᠦ ᠬᠠᠮᠲᠤ ᠭᠠᠵᠠᠷ ᠤᠨ ᠳᠣᠲᠣᠷᠠᠬᠢ 4 ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠣᠨ ᠤ ᠶᠢᠨ ᠭᠠᠵᠠᠷ ᠠᠴᠠ ᠡᠮᠬᠢᠳᠬᠡᠨ ᠨᠠᠶᠢᠷᠠᠭᠤᠯᠤᠭᠰᠠᠨ ᠭᠣᠣᠯ ᠰᠡᠳᠦᠪᠲᠦ ᠬᠥᠮᠦᠵᠢᠯ ᠦᠨ ᠮᠡᠳᠡᠯᠭᠡ ᠶᠢᠨ ᠲᠣᠪᠴᠢᠯᠠᠭᠰᠠᠨ ᠳᠡᠪᠲᠡᠷ ᠢ ᠰᠤᠷᠤᠯᠴᠠᠭᠤᠯᠪᠠ᠃

ᠬᠤᠷᠠᠯ ᠳᠡᠭᠡᠷ᠎ᠡ ᠪᠠᠰᠠ 《 ᠥᠪᠥᠷ ᠮᠣᠩᠭᠣᠯ ᠤᠨ ᠣᠨ ᠤ ᠣᠶᠢᠯᠠᠪᠤᠷᠢ ︵ 2023 ︶ 》 《 ᠥᠪᠥᠷ ᠮᠣᠩᠭᠣᠯ ᠤᠨ ᠠᠷᠪᠠᠨ ᠵᠢᠯ ᠦᠨ ᠬᠡᠷᠡᠭ ᠶᠠᠪᠤᠳᠠᠯ ᠤᠨ ᠲᠡᠮᠳᠡᠭᠯᠡᠯ ︵ 2012 ︱ 2022 ︶ 》 ᠢ ᠨᠠᠶᠢᠷᠠᠭᠤᠯᠬᠤ ᠠᠵᠢᠯ ᠤᠨ ᠠᠬᠢᠴᠠ ᠪᠠ ᠥᠪᠡᠷᠲᠡᠭᠡᠨ ᠵᠠᠰᠠᠬᠤ ᠣᠷᠣᠨ ᠤ ᠰᠣᠳᠣᠨ ᠣᠨ ᠤ ᠣᠶᠢᠯᠠᠪᠤᠷᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠰᠣᠯᠢᠯᠴᠠᠭᠰᠠᠨ ᠪᠥᠭᠡᠳ ᠣᠳᠣᠬᠠᠨ ᠤ ᠠᠬᠢᠴᠠ ᠶᠢ ᠦᠨᠳᠦᠰᠦᠯᠡᠨ ᠲᠠᠷᠠᠭᠠᠴᠢ ᠶᠢᠨ ᠠᠯᠬᠤᠮ ᠤᠨ ᠠᠵᠢᠯ ᠳᠤ ᠳᠣᠸᠷᠠᠬᠢ ᠬᠡᠳᠦᠨ ᠱᠠᠭᠠᠷᠳᠠᠯᠭ᠎ᠠ ᠳᠤᠷᠠᠳᠪᠠ ᠃ ᠨᠢᠭᠡ ᠳᠦ ᠂ 《 ᠥᠪᠥᠷ ᠮᠣᠩᠭᠣᠯ ᠤᠨ ᠣᠨ ᠤ ᠣᠶᠢᠯᠠᠪᠤᠷᠢ ︵ 2023 ︶ 》 ᠶᠢᠨ ᠤᠨ ᠪᠣᠷᠣ ᠲᠥᠯᠥᠪ ᠦᠨ ᠲᠤᠬᠠᠶ ᠳᠤᠮᠳᠠᠳᠤ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠵᠢᠯᠣᠭᠣᠳᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠦ ᠳᠤᠷᠠᠳᠤᠭᠰᠠᠨ 182 ᠵᠤᠷᠪᠤᠰ ᠵᠠᠰᠠᠪᠤᠷᠢ ᠣᠷᠣᠭᠤᠯᠬᠤ ᠰᠠᠨᠠᠯ ᠢ ᠰᠤᠷᠤᠯᠴᠠᠨ ᠰᠢᠩᠭᠡᠭᠡᠵᠦ ᠂ ᠰᠠᠨᠠᠯ ᠤᠨ ᠶᠣᠰᠣᠭᠠᠷ ᠬᠢᠨᠠᠮᠠᠭᠠᠶ ᠵᠠᠰᠠᠪᠤᠷᠢ ᠣᠷᠣᠭᠤᠯᠬᠤ ᠬᠡᠷᠡᠭᠲᠡᠶ ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠤᠨ ᠪᠣᠷᠣ ᠲᠥᠯᠥᠪ ᠶᠣᠰᠣᠭᠠᠷ ᠂ 7 ᠳ᠋ᠤᠭᠠᠷ ᠰᠠᠷ᠎ᠠ ᠶᠢᠨ 15 ᠤ ᠡᠳᠦᠷ ᠡᠴᠡ ᠡᠮᠦᠨ᠎ᠡ ᠡᠬᠡ ᠪᠢᠴᠢᠭ ᠠᠵᠢᠯ ᠤᠨ ᠡᠭᠦᠷᠭᠡ ᠪᠡᠶᠡᠯᠡᠭᠦᠯᠬᠦ᠌ ᠬᠡᠷᠡᠭ᠌ᠲᠡᠢ ᠃ ᠬᠣᠶᠠᠷ ᠲᠤ ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠰᠣᠳᠣᠨ ᠣᠨ ᠤ ᠣᠶᠢᠯᠠᠪᠤᠷᠢ ᠶᠢᠨ ᠢᠨᠵᠧᠨᠧᠷᠢᠩ ᠦᠨ ᠵᠢᠭᠠᠨ ᠲᠣᠭᠲᠠᠭᠠᠭᠰᠠᠨ ᠲᠤᠰᠬᠠᠶ ᠮᠡᠷᠭᠡᠵᠢᠯᠲᠡᠨ ᠢ ᠤᠷᠢᠵᠤ ᠸᠢᠳᠢᠣ᠋ ᠬᠤᠷᠠᠯ ᠬᠤᠷᠠᠯᠳᠤᠭᠤᠯᠵᠤ ᠂ ᠵᠠᠰᠠᠪᠤᠷᠢ ᠣᠷᠣᠭᠤᠯᠬᠤ ᠰᠠᠨᠠᠯ ᠢ ᠃ ᠭᠤᠷᠪᠠ ᠳᠤ ᠂ 2023 ᠣᠨ ᠤ ᠡᠬᠡ ᠨᠣᠸᠷᠠᠭ ᠢ ᠳᠠᠭᠤᠰᠬᠠᠭᠰᠠᠨ ᠤ ᠳᠠᠷᠠᠭ᠎ᠠ ᠂ 8 ᠳ᠋ᠤᠭᠠᠷ ᠰᠠᠷ᠎ᠠ ᠶᠢᠨ ᠡᠬᠢ ᠪᠡᠷ ᠂ ᠣᠨ ᠤ ᠣᠶᠢᠯᠠᠪᠤᠷᠢ ᠶᠢᠨ ᠢᠨᠵᠧᠨᠧᠷᠢᠩ ᠦᠨ ᠲᠣᠮᠢᠯᠠᠭᠰᠠᠨ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠲᠠᠯᠠᠪᠤᠷ ᠲᠤ ᠣᠴᠢᠭᠤᠯᠤᠨ ᠣᠨ ᠤ ᠣᠶᠢᠯᠠᠪᠤᠷᠢ ᠶᠢᠨ ᠡᠬᠡ ᠪᠢᠴᠢᠭ ᠲᠦ ᠣᠷᠣᠰᠢᠵᠤ ᠪᠠᠶᠢᠭ᠎ᠠ ᠠᠰᠠᠭᠤᠳᠠᠯ ᠢ ᠵᠢᠯᠣᠭᠣᠳᠣᠭᠤᠯᠬᠤ ᠶᠢᠨ ᠬᠠᠮᠲᠤ ᠂ ᠪᠥᠬᠥ ᠣᠷᠣᠨ ᠤ ᠣᠨ ᠤ ᠣᠶᠢᠯᠠᠪᠤᠷᠢ ᠶᠢᠨ ᠭᠣᠸᠯᠯᠠᠭᠴᠢ ᠨᠠᠶᠢᠷᠠᠭᠤᠯᠤᠭᠴᠢ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ ᠂ ᠡᠭᠦᠨ ᠢᠶᠡᠷ ᠥᠪᠡᠷᠲᠡᠭᠡᠨ ᠵᠠᠰᠠᠬᠤ ᠣᠷᠣᠨ ᠤ ᠰᠣᠳᠣᠨ ᠣᠨ ᠤ ᠣᠶᠢᠯᠠᠪᠤᠷᠢ ᠶᠢᠨ ᠢᠨᠵᠧᠨᠧᠷᠢᠩ ᠦᠨ ᠴᠢᠨᠠᠷ ᠰᠠᠶᠢᠲᠠᠶ ᠠᠵᠢᠯᠯᠠᠭᠠᠨ ᠢ ᠭᠦᠨᠵᠡᠭᠡᠶ ᠳᠥᠯᠭᠢᠨ ᠠᠬᠢᠭᠤᠯᠬᠤ ᠪᠠᠷ ᠪᠣᠶ ᠃
ᠬᠤᠷᠠᠯ ᠤᠨ ᠡᠴᠦᠰ ᠲᠦ ᠂ 《 ᠥᠪᠥᠷ ᠮᠣᠩᠭᠣᠯ ᠤᠨ ᠠᠷᠪᠠᠨ ᠵᠢᠯ ᠦᠨ ᠬᠡᠷᠡᠭ ᠶᠠᠪᠤᠳᠠᠯ ᠤᠨ ᠲᠡᠮᠳᠡᠭᠯᠡᠯ ︵ 2012 ︱ 2022 ︶ 》 ᠤᠨ ᠪᠢᠴᠢᠯᠭᠡ ᠶᠢ ᠰᠤᠳᠤᠯᠤᠨ ᠶᠠᠷᠢᠯᠴᠠᠵᠤ ᠂ ᠠᠭᠤᠯᠭ᠎ᠠ ᠪᠠᠷ ᠪᠠᠶᠠᠯᠢᠭ ᠂ ᠬᠡᠯᠪᠡᠷᠢ ᠪᠡᠷ ᠣᠯᠠᠨ ᠶᠠᠩᠵᠤ ᠶᠢᠨ ᠂ ᠰᠢᠨ᠎ᠡ ᠴᠠᠭ ᠦᠶ᠎ᠡ ᠶᠢᠨ ᠥᠪᠥᠷ ᠮᠣᠩᠭᠣᠯ ᠤᠨ ᠠᠷᠪᠠᠨ ᠵᠢᠯ ᠦᠨ ᠥᠩᠭᠡᠷᠡᠯᠲᠡ ᠶᠢ ᠲᠡᠮᠳᠡᠭᠯᠡᠭᠰᠡᠨ ᠭᠠᠵᠠᠷ ᠣᠷᠣᠨ ᠤ ᠪᠠᠶᠢᠳᠠᠯ ᠤᠨ ᠢ ᠴᠢᠨᠠᠷ ᠰᠠᠶᠢᠲᠠᠶ ᠨᠠᠶᠢᠷᠠᠭᠤᠯᠤᠨ ᠪᠡᠷ ᠃