ᠵᠤᠬᠢᠶᠠᠭᠴᠢ:
ᠴᠠᠭ:2025-01-10
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠴᠠᠭᠢᠯᠭᠠᠨ ᠴᠢᠮᠡᠭᠡ ᠶᠠᠪᠤᠭᠤᠯᠵᠤ ᠺᠠᠸᠢᠯᠱᠸᠧᠯᠢ ᠶᠢᠨ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 3 ᠤ ᠴᠠᠭᠢᠯᠭᠠᠨ ᠮᠡᠳᠡᠭᠡ ᠣᠶᠢᠷ᠎ᠠ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠮᠢᠬᠠᠶᠢᠯ · ᠺᠠᠸᠢᠯᠱᠸᠧᠯᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠭᠷᠦ᠋ᠽᠢᠶᠠ ᠶᠢᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃
ᠰᠢ ᠶᠢᠨ ᠫᠢᠩ᠂ ᠣᠳᠣᠬᠠᠨ ᠳᠤ ᠳᠤᠮᠳᠠᠳᠤ ᠭᠷᠦ᠋ᠽᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠢᠳᠡᠪᠬᠢᠲᠡᠢ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠬᠤᠶᠠᠷ ᠲᠠᠯ᠎ᠠ ᠶᠢᠨ ᠤᠯᠤᠰ ᠲᠥᠷᠥ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠣᠯᠠᠨ ᠤᠯᠤᠰ ᠤᠨ ᠬᠠᠮᠵᠢᠯᠴᠠᠭ᠎ᠠ ᠡᠯᠪᠡᠭ ᠦᠷ᠎ᠡ ᠪᠦᠲᠦᠮᠵᠢ ᠣᠯᠪᠠ᠃ ᠪᠢ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠵᠦ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠭᠷᠦ᠋ᠽᠢᠶᠠ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃