ᠵᠤᠬᠢᠶᠠᠭᠴᠢ: ᠴᠠᠭ:2025-01-10 ᠥᠵᠡᠭᠰᠡᠨ : ᠢᠷᠡᠯᠲᠡ:  ᠥᠪᠥᠷ ᠮᠣᠩᠭᠤᠯ ᠤᠨ        
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ  ᠤ ‍ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ   ᠰᠦᠨ ᠱᠤᠤ ᠴᠧᠩ ᠲᠤᠰ ᠬᠤᠷᠠᠯ ᠢ ᠡᠷᠭᠢᠯᠡᠵᠠᠢ

 

2025  1  ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂  ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂  ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠱᠦᠵᠢ ᠰᠦᠨ ᠱᠤᠤ ᠴᠧᠩ ᠲᠤᠰ ᠬᠤᠷᠠᠯ ᠢ ᠡᠷᠭᠢᠯᠡᠪᠡ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ ᠪᠠ ᠪᠠᠲᠤᠯᠠᠨ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠦᠭᠦ ᠣᠷᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢᠯᠠᠩᠭᠤᠶ᠎ᠠ ᠮᠤᠵᠢ ᠶᠢᠨ ᠲᠡᠰ ᠤᠨ ᠤᠳᠤᠷᠢᠳᠬᠤ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠨᠢᠮᠪᠠᠢ ᠰᠤᠷᠤᠯᠴᠠᠨ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠤᠳᠤᠷᠢᠳᠤᠭᠴᠢ᠂ ᠬᠡᠷᠡᠭᠵᠢᠭᠦᠯᠦᠭᠴᠢ᠂ ᠠᠬᠢᠭᠤᠯᠤᠭᠴᠢ ᠪᠤᠯᠬᠤ ᠬᠡᠷᠡᠭᠲᠡᠢ᠃ ᠡᠷᠡᠰ ᠪᠠᠲᠤ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠵᠤ ᠪᠠᠲᠤᠵᠢᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠤᠯᠤᠰ ᠲᠥᠷᠥ ᠶᠢᠨ ᠬᠡᠪ ᠪᠣᠯᠪᠠᠰᠤᠷᠠᠯ  ᠢᠶᠠᠨ ᠳᠡᠭᠡᠭᠰᠢᠯᠡᠭᠦᠯᠭᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠤᠬᠠᠬᠤ ᠶᠢ ᠵᠠᠪᠠᠯ ᠰᠤᠷᠬᠤ ᠨᠢᠭᠡᠳᠦᠭᠡᠷ ᠬᠢᠴᠢᠶᠡᠯ ᠪᠤᠯᠭᠠᠵᠤ᠂《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠳᠦᠷᠢᠮ ᠲᠣᠭᠲᠠᠭᠠᠯ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠵᠣᠷᠢᠭᠲᠠᠢ ᠠᠵᠢᠯᠯᠠᠵᠤ᠂ ᠪᠥᠬᠥ ᠣᠷᠣᠨ ᠢᠶᠠᠷ ᠢᠶᠠᠨ ᠰᠤᠷᠲᠠᠯ ᠴᠢᠬᠡᠴᠢ ᠣᠪᠣᠷ ᠲᠥᠪ᠂ ᠡᠷᠡᠯᠬᠡᠭᠯᠡᠨ ᠤᠷᠤᠭᠰᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ ᠢ ᠬᠡᠷᠡᠭᠵᠢᠭᠦᠯᠬᠦ ᠲᠠᠯ᠎ᠠ ᠪᠠᠷ ᠴᠢᠩᠭ᠎ᠠ ᠱᠠᠭᠠᠷᠳᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠴᠠ ᠴᠢᠩᠭ᠎ᠠ ᠠᠳᠬᠤᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠪᠠ ᠢᠯᠵᠢᠷᠡᠮᠡᠯ ᠦᠵᠡᠭᠳᠡᠯ ᠲᠠᠢ ᠡᠷᠡᠰ ᠲᠡᠮᠡᠴᠡᠬᠦ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠳᠤᠮᠳᠠ ᠬᠥᠭᠵᠢᠯᠲᠡ ᠶᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠵᠢᠯ ᠤᠨ ᠲᠣᠬᠢᠷᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠠᠴᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠣᠨ  ᠤ‍ ᠴᠠᠶᠢᠯᠠᠯᠭ᠎ᠠ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠬᠢᠨ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠡᠬᠦ  ᠪᠦᠬᠦ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠶᠢ ᠴᠢᠨᠠᠷ ᠰᠠᠶᠢᠲᠠᠢ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 2025 ᠣᠨ ᠤ ᠰᠢᠨ᠎ᠡ ᠣᠨ ᠤ ᠪᠠᠶᠠᠷ ᠤᠨ ᠦᠭᠡ ᠶᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ ᠤ ᠬᠢᠨ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠨᠢᠭᠡ ᠵᠢᠯ ᠳᠤ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠨᠠᠩ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂《ᠦᠨᠡᠨ》ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ        《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠤᠶ᠎ᠠ》ᠭᠡᠰᠡᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ᠨᠢᠭᠡᠨ ᠭᠤᠣᠯ ᠰᠢᠵᠢᠮ ᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂《ᠲᠠᠪᠤᠨ ᠶᠡᠭᠡ ᠡᠭᠦᠷᠭᠡ》 ᠶᠢ ᠭᠦᠨᠵᠡᠭᠡᠢ ᠲᠦᠯᠬᠢᠨ ᠠᠬᠢᠭᠤᠯᠵᠤ᠂《ᠵᠢᠷᠭᠤᠭᠠᠨ ᠢᠨᠵᠧᠨᠧᠷᠢᠩ》 ᠢ ᠵᠠᠯᠭᠠᠭ᠎ᠠ ᠪᠠᠷ ᠬᠡᠷᠡᠭᠵᠢᠭᠦᠯᠦᠨ᠂          《ᠵᠢᠷᠭᠤᠭᠠᠨ ᠠᠵᠢᠯᠯᠠᠭ᠎ᠠ》 ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠨᠢᠭᠡ ᠠᠯᠬᠤᠮ ᠢᠶᠠᠷ ᠴᠥᠬᠦᠷᠡᠰᠢ ᠦᠭᠡᠢ ᠲᠡᠮᠡᠴᠡᠬᠦ ᠳᠤᠮᠳᠠ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂《ᠴᠠᠭ ᠢᠮᠠᠭᠲᠠ ᠰᠠᠨᠠᠭ᠎ᠠ ᠠᠯᠭᠠᠰᠠᠯ ᠦᠭᠡᠢ 》ᠬᠠᠷᠢᠭᠤᠴᠠᠯᠭᠠᠲᠤ ᠰᠡᠳᠬᠢᠯᠭᠡ ᠪᠠ    《ᠭᠠᠪᠢᠶ᠎ᠠ ᠵᠢᠳᠬᠦᠯ  ᠪᠦᠳᠦᠬᠦᠶ᠎ᠡ ᠯᠠᠪᠲᠠᠢ ᠮᠢᠨᠤ ᠴᠢᠷᠮᠠᠢᠯᠭ᠎ᠠ ᠪᠠᠶᠢᠬᠤ》ᠴᠤᠭ ᠵᠢᠪᠬᠤᠭ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠣᠷᠢᠶᠠᠨ ᠤ 2024 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠢᠨᠠᠨ ᠵᠥᠪᠯᠡᠪᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠢᠨᠠᠨ ᠵᠥᠪᠯᠡᠪᠡ ︔ ᠥᠪᠡᠷᠲᠡᠭᠡᠨ ᠵᠠᠰᠠᠬᠤ ᠣᠷᠣᠨ ᠤ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃

ᠬᠤᠷᠠᠯ ᠠᠴᠠ᠂ ᠲᠣᠭᠤᠷᠢᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠩᠭᠡᠷᠡᠭᠰᠡᠨ ᠨᠢᠭᠡ ᠵᠢᠯ ᠤᠨ ᠲᠣᠭᠤᠷᠢᠨ ᠪᠠᠶᠢᠴᠠᠭᠠᠯᠲᠠ ᠶᠢᠨ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠡᠯ᠎ᠡ ᠱᠠᠲᠤᠨ ᠤ ᠬᠢᠨ ᠲᠣᠭᠤᠷᠢᠨ ᠪᠠᠶᠢᠴᠠᠭᠠᠯᠲᠠ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠂ ᠪᠦᠭᠦ ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠠᠵᠢᠯ ᠢᠶᠠᠨ ᠦᠷᠭᠦᠯᠵᠢᠯᠡᠨ ᠬᠦᠴᠦᠯᠡᠨ ᠰᠠᠶᠢᠲᠤᠷ ᠬᠢᠵᠦ᠂ ᠲᠣᠭᠤᠷᠢᠨ ᠪᠠᠶᠢᠴᠠᠭᠠᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠠᠰᠠᠭᠤᠳᠠᠯ ᠢ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠴᠡᠭᠴᠡᠯᠡᠨ ᠰᠠᠶᠢᠵᠢᠷᠠᠭᠤᠯᠬᠤ《ᠨᠢᠭᠡ ᠱᠤᠭᠤᠮ》 ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠪᠦᠭᠦ ᠲᠠᠯ᠎ᠠ ᠪᠠᠷ ᠬᠦᠴᠦ ᠪᠠᠨ ᠬᠠᠮᠲᠤᠳᠬᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠤᠨ ᠰᠦᠪᠡᠭᠴᠢ ᠶᠢ ᠴᠢᠩᠭ᠎ᠠ ᠨᠡᠬᠡᠮᠵᠢᠯᠡᠨ ᠪᠠᠶᠢᠴᠠᠭᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠥᠮᠥᠨ ᠪᠠ ᠬᠡᠷᠡᠭ ᠢ ᠣᠯᠵᠤ ᠮᠡᠳᠡᠳ᠋ᠡᠭ ᠯᠠ ᠶᠤᠮ ᠪᠣᠯ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠂ ᠠᠭᠤᠴᠢᠯᠠᠵᠤ ᠤᠬᠲᠤ ᠪᠤᠯᠬᠤ ᠦᠭᠡᠢ᠃ ᠤᠳᠤᠷᠢᠳᠬᠤ ᠪᠠᠭ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠴᠢᠩᠭ᠎ᠠ ᠠᠩᠬᠠᠷᠴᠤ᠂ ᠠᠵᠢᠯ ᠢᠶᠠᠨ ᠰᠠᠶᠢᠲᠤᠷ ᠥᠷᠨᠢᠭᠦᠯᠦᠭᠰᠡᠨ ᠦᠭᠡᠢ᠂ ᠳᠣᠲᠣᠭᠠᠳᠤ ᠶᠢᠨ ᠠᠰᠠᠭᠤᠳᠠᠯ ᠤᠯᠠᠨ ᠣᠷᠣᠰᠢᠵᠤ ᠪᠠᠶᠢᠭ᠎ᠠ ᠪᠠᠶᠢᠳᠠᠯ ᠳᠤ ᠡᠷᠡᠰ ᠲᠣᠬᠢᠷᠠᠭᠤᠯᠤᠯᠲᠠ ᠬᠢᠬᠦ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠶᠢ ᠴᠢᠬᠤᠯᠠᠴᠢᠯᠠᠵᠤ᠂ ᠨᠡᠶᠢᠳᠡᠮ ᠤᠨ ᠴᠢᠨᠠᠷᠲᠠᠢ ᠠᠰᠠᠭᠤᠳᠠᠯ ᠢ ᠭᠦᠨᠵᠡᠭᠡᠢ ᠵᠠᠳᠠᠯᠵᠤ᠂  ᠲᠣᠭᠲᠠᠴᠠ ᠠᠴᠠ ᠭᠠᠷᠳᠠᠵᠤ ᠠᠯᠳᠠᠭ᠎ᠠ ᠭᠠᠷᠬᠤ ᠶᠢ ᠬᠤᠷᠢᠭᠯᠠᠬᠤ ᠬᠡᠷᠡᠭᠲᠡᠢ᠃ ᠬᠠᠷᠢᠭᠤᠴᠠᠯᠭ᠎ᠠ ᠠᠴᠠ ᠬᠡᠯᠲᠦᠷᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ ᠵᠠᠭᠠᠭ ᠬᠢᠵᠠᠭᠠᠷ ᠢ ᠣᠨᠣᠪᠴᠢᠲᠠᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠠᠪᠤᠴᠠ ᠳᠤ ᠠᠯᠳᠠᠭ᠎ᠠ ᠭᠠᠷᠭᠠᠭᠰᠠᠨ ᠺᠠᠳ᠋ᠷ ᠤᠨ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠵᠦ᠂ ᠠᠵᠢᠯ ᠬᠢᠬᠦ ᠦᠭᠡᠢ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠦᠵᠡᠮᠡᠭᠴᠡ ᠮᠡᠳᠡᠴᠢᠬᠡᠬᠦ ᠠᠰᠠᠭᠤᠳᠠᠯ ᠢ ᠦᠵᠡᠵᠦ ᠪᠠᠶᠢᠭᠠᠳ ᠬᠠᠶᠢᠬᠤᠷᠬᠤ ᠦᠭᠡᠢ ᠬᠥᠮᠥᠨ ᠢ ᠴᠢᠩᠭ᠎ᠠ ᠵᠠᠯᠬᠠᠭᠠᠨ ᠴᠡᠭᠡᠷᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

 

 

 


   :                    
   :           
备案序号:蒙ICP备05003250号 公安备案15010502000173