ᠵᠤᠬᠢᠶᠠᠭᠴᠢ:
ᠴᠠᠭ:2020-09-15
ᠥᠵᠡᠭᠰᠡᠨ : ℃
ᠢᠷᠡᠯᠲᠡ:
ᠮᠠᠰᠢᠨ ᠲᠡᠷᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ 9 ᠰᠠᠷ᠎ᠠ ᠶᠢᠨ 19 ᠤ ᠡᠳᠦᠷ ᠵᠢᠩᠬᠢᠨᠢ ᠪᠠᠷ ᠬᠡᠷᠡᠭᠵᠢᠭᠦᠯᠦᠨ᠎ᠡ
2019 ᠣᠨ ᠳᠤ ᠮᠠᠨ ᠤ ᠤᠯᠤᠰ ᠤᠨ ᠮᠠᠰᠢᠨ ᠲᠡᠷᠭᠡᠨ ᠤ ᠳᠠᠭᠠᠳᠬᠠᠯ ᠤᠨ ᠮᠠᠰᠢᠨ ᠲᠡᠷᠭᠡ 2.6 ᠳ᠋ᠦᠩᠰᠢᠭᠤᠷ ᠲᠤ ᠬᠦᠷᠴᠦ᠂ ᠲᠠᠭᠠᠳᠬᠠᠯ ᠤᠨ ᠲᠦᠯᠦᠪᠦᠷᠢ ᠶᠢᠨ ᠣᠷᠣᠯᠭ᠎ᠠ 8189 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠲᠠᠭᠠᠳᠬᠠᠯ ᠤᠨ ᠲᠦᠯᠦᠪᠦᠷᠢ ᠶᠢᠨ ᠤᠨ 63% ᠶᠢ ᠡᠵᠡᠯᠡᠪᠡ᠃ ᠮᠠᠰᠢᠨ ᠲᠡᠷᠭᠡᠨ ᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠬᠡᠷᠡᠭᠯᠡᠭᠴᠢᠳ ᠤᠨ ᠡᠷᠬᠡ ᠠᠰᠢᠭ ᠢ ᠨᠠᠩ ᠰᠠᠶᠢᠨ ᠬᠠᠮᠠᠭᠠᠯᠠᠬᠤ ᠶᠢᠨ ᠲᠥᠯᠥᠭᠡ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠡᠯ᠎ᠡ ᠲᠠᠯ᠎ᠠ ᠶᠢᠨ ᠬᠢᠨ ᠤ ᠰᠠᠨᠠᠯ ᠢ ᠦᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ 《 ᠮᠠᠰᠢᠨ ᠲᠡᠷᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ》 ᠢ ᠨᠡᠶᠢᠲᠡᠯᠡᠵᠡᠶ᠃ 2020 ᠣᠨ ᠤ 9 ᠰᠠᠷ᠎ᠠ ᠶᠢᠨ 19 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠦᠨ᠎ᠡ᠃
ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠬᠦ ᠳᠡᠭᠡᠨ᠂ ᠵᠢᠱᠢᠯᠲᠡ ᠪᠠᠷ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠣᠬᠤᠷᠬᠠᠨ ᠬᠤᠭᠤᠴᠠᠭᠠᠨ ᠳᠤ 《ᠦᠨ᠎ᠡ ᠬᠠᠩᠰᠢ ᠨᠢ ᠦᠨᠳᠦᠰᠦᠨ ᠳᠡᠭᠡᠨ ᠪᠠᠭᠤᠷᠠᠬᠤ ᠠᠴᠠ ᠪᠢᠰᠢ ᠦᠰᠬᠦ ᠦᠭᠡᠢ᠂ ᠪᠠᠲᠤᠯᠠᠭ᠎ᠠ ᠨᠢ ᠦᠨᠳᠦᠰᠦᠨ ᠳᠡᠭᠡᠨ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ᠂ ᠦᠢᠯᠡᠴᠢᠯᠡᠭᠡ ᠨᠢ ᠦᠨᠳᠦᠰᠦᠨ ᠳᠡᠭᠡᠨ ᠰᠢᠯᠢᠲᠡᠭᠵᠢᠬᠦ ᠠᠴᠠ ᠪᠢᠰᠢ ᠮᠠᠭᠤᠲᠠᠬᠤ ᠦᠭᠡᠢ》 ᠭᠡᠵᠡᠢ᠃ ᠵᠠᠮ ᠬᠠᠷᠢᠯᠴᠠᠭᠠᠨ ᠤ ᠠᠯᠪᠠᠳᠠᠯᠭ᠎ᠠ ᠶᠢᠨ ᠳᠠᠭᠠᠳᠬᠠᠯ ᠤᠨ ᠬᠠᠷᠢᠭᠤᠴᠠᠯᠭ᠎ᠠ ᠶᠢᠨ ᠬᠢᠵᠠᠭᠠᠷ ᠲᠤᠭ᠎ᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠶᠡᠷᠦᠩᠬᠡᠢ ᠬᠠᠷᠢᠭᠤᠴᠠᠯᠭ᠎ᠠ ᠶᠢᠨ ᠬᠢᠵᠠᠭᠠᠷ ᠲᠤᠭ᠎ᠠ ᠶᠢ 12.2 ᠲᠦᠮᠡᠨ ᠲᠥᠭᠦᠷᠢᠭ ᠪᠠᠶᠢᠭᠰᠠᠨ ᠠᠴᠠ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠬᠠᠷᠢᠭᠤᠴᠠᠯᠭ᠎ᠠ ᠨᠢ ᠨᠠᠩ ᠪᠦᠬᠦ ᠲᠠᠯ᠎ᠠ ᠶᠢᠨ ᠪᠣᠯᠵᠤ᠂ ᠮᠠᠰᠢᠨᠲᠤ ᠲᠡᠷᠭᠡᠨ ᠤ ᠵᠢᠱᠢᠶ᠎ᠡ ᠦᠵᠡᠭᠦᠯᠬᠦ ᠤ ᠲᠡᠷᠭᠡᠨ ᠤ ᠬᠤᠬᠢᠷᠠᠯ ᠤᠨ ᠳᠠᠭᠠᠳᠬᠠᠯ ᠤᠨ ᠭᠤᠤᠯ ᠳᠠᠭᠠᠳᠬᠠᠯ ᠤᠨ ᠬᠠᠷᠢᠭᠤᠴᠠᠯᠭ᠎ᠠ ᠶᠢᠨ ᠲᠠᠯ᠎ᠠ ᠪᠠᠷ ᠮᠠᠰᠢᠨᠲᠤ ᠲᠡᠷᠭᠡᠨ ᠤ ᠪᠦᠬᠦ ᠲᠡᠷᠭᠡ ᠬᠤᠯᠠᠭᠠᠶᠢᠯᠠᠬᠲᠠᠬᠤ ᠂ ᠪᠤᠯᠢᠶᠠᠬᠲᠠᠬᠤ ᠂ ᠭᠠᠵᠠᠷ ᠬᠥᠳᠡᠯᠦᠯᠲᠡ ᠵᠢᠴᠢ ᠲᠡᠭᠦᠨ ᠤ ᠡᠭᠦᠰᠦᠮᠡᠯ ᠭᠠᠮᠰᠢᠭ᠂ ᠰᠢᠯ ᠨᠢ ᠠᠰ ᠲᠠᠭᠠᠨ ᠬᠠᠭᠠᠷᠠᠵᠤ ᠬᠡᠮᠬᠡᠷᠡᠬᠦ᠂ ᠦᠪᠡᠰᠦᠪᠡᠨ ᠨᠤᠴᠤᠬᠤ ᠂ ᠬᠥᠳᠡᠯᠭᠡᠭᠦᠷ ᠤᠨ ᠤᠰᠤ ᠲᠠᠢ ᠬᠤᠯᠪᠣᠭᠳᠠᠬᠤ ᠵᠡᠷᠭᠡ ᠳᠠᠭᠠᠳᠬᠠᠯ ᠤᠨ ᠬᠠᠷᠢᠭᠤᠴᠠᠯᠭ᠎ᠠ ᠶᠢ ᠨᠡᠮᠡᠭᠲᠡᠬᠦᠯᠵᠦ᠂ ᠡ᠊ᠨᠳᠡᠯ ᠤᠨ ᠬᠠᠷᠢᠭᠤᠴᠠᠯᠭ᠎ᠠ ᠶᠢᠨ ᠲᠥᠯᠥᠪᠦᠷᠢ ᠠᠴᠠ ᠬᠡᠯᠲᠦᠷᠢᠭᠦᠯᠬᠦ ᠨᠤᠷᠮ᠎ᠠ᠂ ᠭᠤᠷᠪᠠᠳᠠᠬᠢ ᠡᠲᠡᠭᠡᠳ ᠤᠨ ᠲᠥᠯᠥᠪᠦᠷᠢ ᠠᠴᠠ ᠬᠡᠯᠲᠦᠷᠢᠭᠦᠯᠬᠦ ᠨᠤᠷᠮ᠎ᠠ ᠶᠢ ᠡᠷᠢᠵᠦ ᠤᠯᠬᠤ ᠶᠢᠨ ᠠᠷᠭ᠎ᠠ ᠦᠭᠡᠢ ᠵᠡᠷᠭᠡ ᠲᠥᠯᠥᠪᠦᠷᠢ ᠠᠴᠠ ᠬᠡᠯᠲᠦᠷᠢᠭᠦᠯᠬᠦ ᠪᠣᠯᠵᠣᠯ ᠢ ᠬᠠᠰᠤᠪᠠ᠃ ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠨᠠᠩ ᠡᠯᠪᠡᠭ ᠳᠡᠯᠪᠡᠭ ᠪᠣᠯᠵᠤ᠂ ᠵᠢᠯᠣᠭᠤᠴᠢ ᠶᠢᠨ ᠠᠳᠡᠯ ᠤᠨ ᠳᠠᠭᠠᠳᠬᠠᠯ ᠤᠨ ᠳᠤ ᠣᠷᠣᠯᠠᠨ ᠬᠦᠷᠭᠡᠵᠦ ᠪᠠᠶᠢᠴᠠᠭᠠᠯᠭᠠᠬᠤ᠂ ᠵᠠᠮ ᠢᠶᠠᠷ ᠠᠪᠤᠷᠠᠨ ᠲᠤᠰᠠᠯᠠᠬᠤ᠂ ᠣᠷᠣᠯᠠᠨ ᠵᠢᠯᠣᠭᠤᠳᠬᠤ ᠣᠶᠢᠯᠡᠴᠢᠯᠡᠭᠡ᠂ ᠠᠶᠤᠯ ᠦᠭᠡᠶ ᠶᠢ ᠪᠠᠶᠢᠴᠠᠭᠠᠨ ᠰᠢᠯᠭᠠᠬᠤ ᠵᠡᠷᠭᠡ ᠠᠭᠤᠯᠭ᠎ᠠ ᠲᠠᠢ ᠲᠡᠷᠭᠡᠨ ᠤ ᠳᠠᠭᠠᠳᠬᠠᠯ ᠤᠨ ᠥᠷᠲᠡᠭ ᠣᠶᠢᠯᠡᠴᠢᠯᠡᠭᠡᠨ ᠤ ᠣᠨᠴᠠ ᠤᠷᠢᠭᠰᠠᠨ ᠵᠣᠶᠢᠯ ᠵᠤᠷᠪᠤᠰ ᠪᠠᠭᠲᠠᠨ᠎ᠠ᠃
ᠡᠭᠦᠨ ᠠᠴᠠ ᠭᠠᠳᠠᠨ᠎ᠠ᠂ ᠮᠠᠰᠢᠨ ᠲᠡᠷᠭᠡᠨ ᠳᠠᠭᠠᠳᠬᠠᠯ ᠤᠨ ᠨ ᠤ ᠵᠠᠬ᠎ᠠ ᠳᠡᠯᠭᠡᠭᠦᠷᠴᠢᠯᠡᠬᠦ ᠬᠢᠷᠢ ᠬᠡᠮᠵᠢᠶ᠎ᠡ ᠨᠡᠩ ᠥᠨᠳᠥᠷ᠂ ᠪᠡᠶ᠎ᠡ ᠪᠠᠨ ᠳᠠᠭᠠᠭᠠᠵᠤ ᠦᠨ᠎ᠡ ᠲᠣᠭᠲᠠᠭᠠᠬᠤ ᠢᠯᠡᠳᠬᠡᠮᠵᠢ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠴᠢᠯᠥᠭᠡᠲᠡᠶ ᠪᠣᠯᠭᠠᠵᠤ᠂ ᠨᠢᠭᠡᠳᠦᠭᠡᠷ ᠠᠯᠬᠤᠮ ᠳᠤ ᠪᠡᠶ᠎ᠡ ᠪᠠᠨ ᠳᠠᠭᠠᠭᠠᠵᠤ ᠦᠨ᠎ᠡ ᠲᠣᠭᠲᠠᠭᠠᠬᠤ ᠢᠯᠡᠳᠬᠡᠮᠵᠢ ᠶᠢᠨ ᠬᠡᠪᠴᠢᠶ᠎ᠡ ᠶᠢ ﹇0.65|1.35﹈ ᠭᠡᠵᠦ ᠲᠣᠭᠲᠠᠭᠠᠪᠠ᠂ ᠬᠤᠶᠠᠳᠤᠭᠠᠷ ᠠᠯᠬᠤᠮ ᠳᠤ ᠪᠡᠶ᠎ᠡ ᠪᠠᠨ ᠳᠠᠭᠠᠭᠠᠵᠤ ᠦᠨ᠎ᠡ ᠲᠣᠭᠲᠠᠭᠠᠬᠤ ᠢᠯᠡᠳᠬᠡᠮᠵᠢ ᠶᠢᠨ ᠬᠡᠪᠴᠢᠶ᠎ᠡ ᠶᠢ ᠴᠠᠭ ᠲᠤᠬᠠᠢ ᠳᠤᠨᠢ ᠪᠦᠷᠢᠮᠦᠰᠦᠨ ᠴᠢᠯᠥᠭᠡᠲᠡᠶ ᠪᠣᠯᠭᠠᠨ᠎ᠠ᠃ ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠨᠡᠩ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠤᠯᠵᠤ᠂ ᠳᠠᠭᠠᠳᠬᠠᠯ ᠤᠨ ᠦᠢᠯᠡᠰ ᠵᠠᠬ᠎ᠠ ᠳᠡᠯᠭᠡᠭᠦᠷ ᠤᠨ ᠪᠣᠳᠠᠲᠠᠶ ᠲᠦᠭᠰᠢᠭᠦᠷᠢ ᠶᠢᠨ ᠪᠠᠶᠢᠳᠠᠯ ᠢ ᠃ ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠠᠵᠢᠯ ᠲᠥᠷᠥᠯ ᠤᠨ ᠴᠡᠪᠡᠷ ᠲᠦᠭᠰᠢᠭᠦᠷᠢ ᠶᠢᠨ ᠳᠠᠭᠠᠳᠬᠠᠯ ᠤᠨ ᠲᠦᠯᠦᠪᠦᠷᠢ ᠶᠢ ᠳᠠᠬᠢᠨ ᠲᠥᠰᠦᠭᠡᠯᠡᠨ ᠪᠣᠳᠣᠬᠤ ᠶᠢᠨ ᠬᠠᠮᠲᠤ᠂ ᠮᠠᠰᠢᠨ ᠲᠡᠷᠭᠡᠨ ᠤ ᠳᠠᠭᠠᠳᠬᠠᠯ ᠤᠨ ᠤ ᠨᠡᠮᠡᠭᠳᠡᠯ ᠲᠦᠯᠦᠪᠦᠷᠢ ᠶᠢᠨ ᠨᠣᠷᠮ᠎ᠠ ᠶᠢ 35% ᠪᠠᠶᠢᠭᠰᠠᠨ ᠠᠴᠠ 25% ᠪᠣᠯᠭᠠᠨ ᠳᠣᠷᠣᠭᠰᠢᠯᠠᠭᠤᠯᠵᠤ᠂ ᠵᠢᠱᠢᠭᠰᠡᠨ ᠲᠥᠯᠥᠪᠦᠷᠢ ᠶᠢᠨ ᠨᠣᠷᠮ᠎ᠠ 65% ᠪᠠᠶᠢᠭᠰᠠᠨ ᠠᠴᠠ 75% ᠲᠡᠭᠡᠭᠰᠢᠯᠡᠬᠦᠯᠵᠠᠢ᠃ ᠲᠡᠷᠭᠡᠨ ᠤ ᠳᠠᠭᠠᠳᠬᠠᠯ ᠤᠨ ᠨ ᠤ ᠵᠠᠷᠤᠳᠠᠯ ᠤᠨ ᠨᠣᠷᠮ᠎ᠠ ᠪᠣᠯᠤᠨ ᠲᠦᠭᠰᠢᠭᠦᠷᠢ ᠶᠢᠨ ᠲᠦᠪᠰᠢᠨ ᠢ ᠤᠯᠠᠮ ᠲᠤᠬᠢᠷᠠᠯᠴᠠᠭ᠎ᠠ ᠲᠠᠢ ᠪᠤᠯᠭᠠᠨ᠎ᠠ ᠃