ᠵᠤᠬᠢᠶᠠᠭᠴᠢ: ᠴᠠᠭ:2017-06-25 ᠥᠵᠡᠭᠰᠡᠨ : ᠢᠷᠡᠯᠲᠡ:
ᠨᠠᠮ ᠤᠨ ᠲᠥᠪ ᠬᠣᠷᠢᠶ᠎ᠠ ᠲᠥᠷᠦ ᠶᠢᠨ ᠶᠠᠪᠤᠳᠠᠯ ᠤᠨ ᠬᠣᠷᠢᠶ᠎ᠠ 《ᠰᠢᠨ᠎ᠡ ᠴᠠᠭ ᠦᠶ᠎ᠡ ᠶᠢᠨ ᠠᠵᠤ ᠦᠢᠯᠡᠰ ᠦᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠦᠭᠡᠷᠡᠴᠢᠯᠡᠯᠲᠡ ᠶᠢᠨ ᠲᠥᠰᠥᠯ》  ᠢ ᠳᠠᠷᠤᠮᠠᠯᠯᠠᠨ ᠲᠠᠷᠬᠠᠭᠠᠵᠠᠢ

ᠦᠢᠷ᠎ᠠ ᠳᠤ᠂ ᠨᠠᠮ ᠤᠨ ᠲᠥᠪ ᠬᠣᠷᠢᠶ᠎ᠠ᠂ᠲᠥᠷᠦ ᠶᠢᠨ ᠶᠠᠪᠤᠳᠠᠯ ᠤᠨ ᠬᠣᠷᠢᠶ᠎ᠠ 《ᠰᠢᠨ᠎ᠡ ᠴᠠᠭ ᠦᠶ᠎ᠡ ᠶᠢᠨ ᠠᠵᠤ ᠦᠢᠯᠡᠰ ᠦᠨ ᠠᠵᠢᠯᠴᠢᠨ ᠤᠡᠩᠨᠡᠭᠡ ᠶᠢᠨ ᠪᠠᠶᠢᠭᠤᠯᠤᠯᠲᠠ ᠶᠢᠨ ᠦᠭᠡᠷᠡᠴᠢᠯᠡᠯᠲᠡ ᠶᠢᠨ ᠲᠥᠰᠥᠯ》 (ᠳᠣᠷᠣᠭᠰᠢ 《ᠦᠭᠡᠷᠡᠴᠢᠯᠡᠯᠲᠡ ᠶᠢᠨᠲᠥᠰᠥᠯ》 ᠭᠡᠵᠦ ᠳᠥᠭᠥᠮᠴᠢᠯᠡᠨ᠎ᠡ)  ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠮᠡᠳᠡᠭᠳᠡᠯ ᠪᠠᠭᠤᠯᠭᠠᠵᠤ᠂ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠠᠢ ᠲᠠᠢ  ᠪᠡᠨ ᠤᠶᠠᠯᠳᠤᠭᠤᠯᠤᠨ ᠨᠠᠷᠢᠨᠬᠢᠨᠠᠮᠠᠭᠠᠢ  ᠲᠤᠤᠱᠯᠠᠭᠤᠯᠤᠨ ᠨᠠᠶᠢᠳᠠᠪᠤᠷᠢᠵᠢᠭᠤᠯᠬᠤᠬᠡᠷᠡᠭᠲᠡᠢ ᠭᠡᠵᠦ ᠱᠠᠭᠠᠷᠳᠠᠪᠠ᠃ 《ᠦᠭᠡᠷᠡᠴᠢᠯᠡᠯᠲᠡ ᠶᠢᠨ ᠲᠥᠰᠥᠯ》  ᠳᠤ᠂ ᠠᠵᠤ ᠦᠢᠯᠡᠰ ᠦᠨ ᠠᠵᠢᠯᠴᠢᠨ ᠤᠡᠩᠨᠡᠭᠡ ᠶᠢᠨ ᠪᠠᠶᠢᠭᠤᠯᠤᠯᠲᠠ  ᠪᠠᠷ ᠰᠢᠨᠵᠢᠯᠡᠬᠦ ᠤᠬᠠᠭᠠᠨ ᠮᠡᠷᠭᠡᠵᠢᠯ ᠢᠶᠡᠷ ᠤᠯᠤᠰ ᠢᠶᠠᠨ ᠮᠠᠨᠳᠤᠭᠤᠯᠬᠤᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤᠪᠣᠳᠣᠯᠭ᠎ᠠ᠂ ᠰᠢᠨ᠎ᠡ ᠶᠢ ᠡᠭᠦᠳᠬᠦ  ᠪᠡᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠲᠤᠯᠭᠠᠭᠤᠷᠢᠯᠠᠯ ᠪᠠ ᠰᠠᠭᠤᠷᠢ ᠪᠠᠲᠤᠯᠠᠭ᠎ᠠ ᠪᠣᠯᠭᠠᠵᠤ᠂ ᠤᠯᠤᠰᠪᠠ ᠣᠷᠣᠨ ᠨᠤᠲᠤᠭ  ᠤᠨ ᠠᠵᠤ ᠠᠬᠤᠢ ᠨᠡᠶᠢᠭᠡᠮ ᠦᠨ ᠬᠥᠭᠵᠢᠯᠲᠡ ᠶᠢᠨ ᠲᠥᠯᠥᠪᠵᠢᠭᠦᠯᠭᠡ ᠳᠦ ᠣᠷᠣᠭᠤᠯᠵᠤ᠂ᠬᠦᠰᠡᠯᠡᠩ ᠲᠠᠢ ᠪᠥᠭᠡᠳ ᠢᠲᠡᠭᠡᠯ ᠪᠢᠰᠢᠷᠡᠯ ᠢᠶᠡᠨ ᠰᠠᠬᠢᠬᠤ᠂ ᠮᠡᠷᠭᠡᠵᠢᠯ ᠳᠦ ᠴᠠᠭᠠᠷᠠᠭᠰᠠᠨ ᠪᠥᠭᠡᠳᠰᠢᠨ᠎ᠡ ᠶᠢ ᠡᠭᠦᠳᠴᠦ ᠴᠢᠳᠠᠬᠤ᠂ ᠵᠣᠷᠢᠭᠲᠠᠢ ᠡᠭᠦᠷᠭᠡᠯᠡᠨ ᠭᠣᠶᠠᠴᠢ ᠦᠭᠡᠢ ᠬᠤᠪᠢ ᠨᠡᠮᠡᠷᠢ  ᠦᠵᠡᠭᠦᠯᠬᠦ ᠠᠵᠤ ᠦᠢᠯᠡᠰ ᠦᠨ ᠠᠵᠢᠯᠴᠢᠨ ᠤ ᠡᠩᠨᠡᠭᠡ  ᠶᠢᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃

ᠨᠠᠮ ᠤᠨ ᠲᠥᠪ ᠬᠣᠷᠢᠶ᠎ᠠ  ᠠᠵᠤ ᠦᠢᠯᠡᠰ ᠦᠨ ᠠᠵᠢᠯᠴᠢᠨ ᠤ ᠡᠩᠨᠡᠭᠡ  ᠶᠢᠨᠪᠠᠶᠢᠭᠤᠯᠤᠯᠲᠠ ᠶᠢ ᠶᠡᠷᠦ ᠡᠴᠡ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠢᠯᠠᠩᠭᠤᠶ᠎ᠠ ᠨᠠᠮ  ᠤᠨᠠᠷᠪᠠᠨ ᠨᠠᠢᠮᠠᠳᠤᠭᠠᠷ ᠶᠡᠬᠡ ᠬᠤᠷᠠᠯ ᠡᠴᠡ ᠨᠠᠰᠢ᠂ ᠶᠡᠷᠦᠩᠬᠡᠢ ᠱᠦᠵᠢ ᠰᠢ ᠵᠢᠨ ᠫᠢᠩ ᠡᠴᠡ ᠲᠥᠷᠦ ᠶᠢᠨᠠᠵᠢᠯ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠡᠴᠡ ᠠᠵᠤ ᠦᠢᠯᠡᠰ ᠦᠨᠠᠵᠢᠯᠴᠢᠨ ᠤ ᠡᠩᠨᠡᠭᠡ  ᠶᠢᠨ ᠪᠠᠶᠢᠭᠤᠯᠤᠯᠲᠠ ᠶᠢᠨ ᠲᠤᠬᠠᠢ ᠰᠢᠷᠢᠰ ᠴᠢᠬᠤᠯᠠ ᠥᠭᠥᠯᠡᠯᠲᠡ ᠬᠢᠵᠦ᠂ ᠰᠢᠨ᠎ᠡᠴᠠᠭ ᠦᠶ᠎ᠡ ᠶᠢᠨ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨ ᠪᠠᠶᠢᠭᠤᠯᠤᠯᠲᠠ ᠶᠢᠨᠦᠭᠡᠷᠡᠴᠢᠯᠡᠯᠲᠡ ᠶᠢᠨ ᠲᠤᠬᠠᠢ ᠶᠡᠷᠦᠩᠬᠡᠢ ᠰᠡᠳᠭᠢᠮᠵᠢ ᠪᠠ ᠰᠢᠰᠲ᠋ᠧᠮᠲᠦ ᠲᠥᠰᠥᠯ  ᠢ ᠳᠤᠷᠠᠳᠬᠤ ᠶᠢᠲᠣᠳᠣᠷᠬᠠᠢ ᠱᠠᠭᠠᠷᠳᠠᠵᠤ᠂ ᠰᠢᠨ᠎ᠡ ᠴᠠᠭ ᠦᠶ᠎ᠡ ᠶᠢᠨ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨᠪᠠᠶᠢᠭᠤᠯᠤᠯᠲᠠ ᠶᠢᠨ ᠦᠭᠡᠷᠡᠴᠢᠯᠡᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤᠴᠢᠭᠯᠡᠯ ᠢ ᠵᠢᠭᠠᠵᠤ ᠥᠭᠴᠡᠢ᠃ 2017 ᠣᠨ ᠤ 2 ᠳ᠋ᠤᠭᠠᠷ ᠰᠠᠷ᠎ᠠ ᠶᠢᠨ 6 ᠦ ᠡᠳᠦᠷ᠂ ᠶᠡᠷᠦᠩᠬᠡᠢ ᠱᠦᠵᠢ ᠰᠢᠵᠢᠨ ᠫᠢᠩ ᠲᠥᠪ ᠦᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠳᠤᠷᠢᠳᠬᠤᠲᠤᠭᠤᠶᠢᠯᠩ ᠤᠨ ᠭᠤᠴᠢᠨ ᠬᠣᠶᠠᠳᠤᠭᠠᠷ ᠤᠳᠠᠭ᠎ᠠ ᠶᠢᠨ ᠬᠤᠷᠠᠯ  ᠢ ᠡᠷᠬᠢᠯᠡᠨ ᠬᠤᠷᠠᠯᠳᠤᠭᠤᠯᠵᠤ《ᠦᠭᠡᠷᠡᠴᠢᠯᠡᠯᠲᠡ ᠶᠢᠨ ᠲᠥᠰᠥᠯ》  ᠢ ᠬᠢᠨᠠᠨ ᠵᠥᠪᠯᠡᠵᠦ ᠪᠠᠲᠤᠯᠠᠵᠠᠢ᠃ 《ᠦᠭᠡᠷᠡᠴᠢᠯᠡᠯᠲᠡ ᠶᠢᠨ ᠲᠥᠰᠥᠯ》 ᠳᠤ ᠰᠢᠨ᠎ᠡ ᠴᠠᠭ ᠦᠶ᠎ᠡ ᠶᠢᠨ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨ ᠪᠠᠶᠢᠭᠤᠯᠤᠯᠲᠠ ᠶᠢᠨᠦᠭᠡᠷᠡᠴᠢᠯᠡᠯᠲᠡ ᠶᠢᠨ ᠵᠢᠯᠣᠭᠣᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠂ ᠬᠠᠷᠠᠯᠲᠠ ᠶᠢᠨ ᠡᠭᠦᠷᠭᠡᠵᠢᠴᠢ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠶᠠᠭᠤᠨ ᠳᠤ ᠥᠭᠡᠷᠡᠴᠢᠯᠡᠬᠦ᠂ᠶᠠᠭᠠᠬᠢᠵᠤ ᠥᠭᠡᠷᠡᠴᠢᠯᠡᠬᠦ᠂ ᠶᠠᠮᠠᠷ ᠠᠷᠭ᠎ᠠ ᠵᠠᠮ ᠢᠶᠠᠷ ᠳᠠᠮᠵᠢᠭᠤᠯᠵᠤ᠂ ᠶᠠᠮᠠᠷ ᠬᠠᠷᠠᠯᠲᠠ ᠳᠤ ᠬᠦᠷᠦᠭᠦᠯᠬᠦᠵᠡᠷᠭᠡ ᠠᠯᠢ ᠤᠯᠠᠨ ᠴᠢᠬᠤᠯᠠ ᠶᠡᠬᠡ ᠠᠰᠠᠭᠤᠳᠠᠯ ᠢ ᠡᠮᠬᠢᠯᠡᠨ ᠲᠣᠳᠣᠷᠬᠠᠶᠢᠯᠠᠵᠠᠢ᠃

《ᠦᠭᠡᠷᠡᠴᠢᠯᠡᠯᠲᠡ ᠶᠢᠨ ᠲᠥᠰᠥᠯ》ᠨᠢ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠴᠢᠩᠭᠠᠳᠬᠠᠨ ᠰᠠᠶᠢᠵᠢᠷᠠᠭᠤᠯᠬᠤ ᠂ ᠠᠵᠤ ᠦᠢᠯᠡᠰ ᠦᠨ ᠠᠵᠢᠯᠴᠢᠨ ᠤ ᠮᠡᠷᠭᠡᠵᠢᠯ ᠦᠨ ᠪᠦᠷᠢᠯᠳᠦᠯ ᠦᠨ ᠰᠢᠰᠲ᠋ᠧᠮ  ᠢᠪᠠᠶᠢᠭᠤᠯᠬᠤ᠂ ᠢᠨᠲᠸᠷ ᠰᠦᠯᠵᠢᠶ᠎ᠡ ᠶᠢ ᠠᠰᠢᠭᠯᠠᠨ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠦᠨ ᠠᠵᠢᠯᠴᠢᠨ ᠤ ᠬᠥᠭᠵᠢᠯᠲᠡ ᠶᠢᠨ ᠳᠦᠷᠢᠮ ᠦᠨ ᠰᠢᠨ᠎ᠡ ᠶᠢᠡᠭᠦᠳᠬᠦ᠂ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨ ᠪᠠᠶᠢᠭᠤᠯᠤᠯᠲᠠ ᠶᠢᠨ ᠲᠤᠯᠭᠠᠭᠤᠷᠢᠯᠠᠯᠪᠠᠲᠤᠯᠠᠭ᠎ᠠ ᠶᠢ ᠴᠢᠩᠭᠠᠳᠬᠠᠬᠤ ᠵᠡᠷᠭᠡ 5 ᠲᠠᠯ᠎ᠠ ᠪᠠᠷ᠂ 25 ᠲᠥᠷᠥᠯ ᠦᠨ ᠦᠭᠡᠷᠡᠴᠢᠯᠡᠯᠲᠡ ᠶᠢᠨ ᠠᠷᠭ᠎ᠠᠬᠡᠮᠵᠢᠶ᠎ᠡ ᠶᠢ ᠳᠤᠷᠠᠳᠴᠤ᠂ ᠠᠵᠤ ᠦᠢᠯᠡᠰ ᠦᠨ ᠠᠵᠢᠯᠴᠢᠨ ᠤ ᠦᠵᠡᠯ ᠰᠠᠨᠠᠭᠠᠨ ᠤ ᠬᠦᠲᠦᠯᠦᠨ ᠳᠠᠭᠠᠭᠤᠯᠤᠯᠲᠠ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠦᠢᠯᠡᠳᠦᠯ ᠢᠶᠡᠨ ᠪᠠᠳᠠᠷᠠᠭᠤᠯᠬᠤ ᠂ ᠲᠤᠯᠭᠠᠭᠤᠷᠢᠯᠠᠯᠪᠠᠲᠤᠯᠠᠭ᠎ᠠ  ᠵᠡᠷᠭᠡ ᠲᠠᠯ᠎ᠠ ᠶᠢᠨ ᠪᠠᠶᠢᠭᠤᠯᠤᠮᠵᠢ ᠲᠣᠭᠲᠠᠴᠠ ᠳᠤ ᠬᠣᠯᠪᠣᠭᠳᠠᠵᠤ᠂ ᠠᠵᠤ ᠦᠢᠯᠡᠰ ᠦᠨᠠᠵᠢᠯᠴᠢᠨ ᠤ ᠡᠩᠨᠡᠭᠡ  ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠵᠠᠢ᠃

ᠠᠵᠤ ᠦᠢᠯᠡᠰ ᠦᠨ ᠠᠵᠢᠯᠴᠢᠨ ᠤᠡᠩᠨᠡᠭᠡ  ᠶᠢᠨ ᠪᠠᠶᠢᠭᠤᠯᠤᠯᠲᠠ ᠶᠢᠨ ᠦᠭᠡᠷᠡᠴᠢᠯᠡᠯᠲᠡ  ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡᠪᠦᠲᠦᠮᠵᠢ ᠭᠠᠷᠭᠠᠬᠤ ᠶᠢ ᠪᠠᠲᠤᠯᠠᠬᠤ ᠶᠢᠨ ᠲᠥᠯᠥᠭᠡ᠂ 《ᠦᠭᠡᠷᠡᠴᠢᠯᠡᠯᠲᠡ ᠶᠢᠨ ᠲᠥᠰᠥᠯ》 ᠨᠢ ᠨᠠᠮ ᠤᠨ ᠬᠣᠷᠢᠶ᠎ᠠ ᠶᠢᠨ ᠨᠢᠭᠡᠳᠦᠯᠲᠡᠢ ᠤᠳᠤᠷᠢᠳᠤᠯᠭ᠎ᠠ ᠶᠢᠪᠠᠷᠢᠮᠲᠠᠯᠠᠬᠤ᠂ ᠬᠦᠴᠦ ᠬᠠᠮᠲᠤᠳᠬᠠᠨ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨ ᠪᠠᠶᠢᠭᠤᠯᠤᠯᠲᠠ ᠶᠢᠨᠦᠭᠡᠷᠡᠴᠢᠯᠡᠯᠲᠡ ᠶᠢ ᠠᠬᠢᠭᠤᠯᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠥᠭᠡᠷᠡᠴᠢᠯᠡᠯᠲᠡ ᠶᠢ ᠬᠦᠴᠦᠲᠡᠢᠪᠥᠭᠡᠳ ᠡᠮᠬᠢ ᠴᠡᠭᠴᠡ ᠲᠠᠢ ᠠᠬᠢᠭᠤᠯᠵᠤ᠂ ᠥᠭᠡᠷᠡᠴᠢᠯᠡᠯᠲᠡ ᠶᠢ ᠤᠬᠠᠭᠤᠯᠬᠤ ᠠᠵᠢᠯ ᠢ ᠰᠠᠶᠢᠲᠤᠷ ᠬᠢᠬᠦ ᠪᠠᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠵᠡᠷᠭᠡᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃

《ᠦᠭᠡᠷᠡᠴᠢᠯᠡᠯᠲᠡ ᠶᠢᠨ ᠲᠥᠰᠥᠯ》  ᠢ ᠲᠣᠭᠲᠠᠭᠠᠨ ᠬᠡᠷᠡᠭᠵᠢᠭᠦᠯᠦᠭᠰᠡᠨ ᠨᠢ ᠠᠵᠤ ᠦᠢᠯᠡᠰ ᠦᠨ ᠠᠵᠢᠯᠴᠢᠨ ᠤ ᠡᠩᠨᠡᠭᠡ  ᠶᠢᠨᠪᠠᠶᠢᠭᠤᠯᠤᠯᠲᠠ ᠶᠢᠨ ᠦᠭᠡᠷᠡᠴᠢᠯᠡᠯᠲᠡ  ᠶᠢ ᠲᠤᠰᠬᠠᠢ ᠲᠥᠯᠥᠪᠵᠢᠭᠦᠯᠦᠭᠰᠡᠨ ᠪᠠ ᠪᠠᠶᠢᠷᠢᠯᠠᠭᠤᠯᠤᠭᠰᠠᠨᠮᠠᠨ ᠤ ᠨᠠᠮ ᠪᠣᠯᠣᠨ ᠤᠯᠤᠰ ᠤᠨ ᠲᠡᠣᠬᠡᠨ ᠳᠡᠭᠡᠷᠡᠬᠢ ᠠᠩᠬ᠎ᠠ ᠤᠳᠠᠭ᠎ᠠ ᠶᠢᠨ ᠶᠠᠪᠤᠳᠠᠯ ᠪᠣᠯᠵᠤ ᠪᠠᠶᠢᠨ᠎ᠠ᠃ᠡᠨᠡ ᠨᠢ ᠰᠢ ᠵᠢᠨ ᠫᠢᠩ ᠨᠦᠬᠦᠷ ᠢᠶᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶ᠎ᠠ ᠶᠢᠨ ᠠᠵᠤ ᠦᠢᠯᠡᠰ ᠦᠨᠠᠵᠢᠯᠴᠢᠨ ᠢ ᠪᠠᠭᠲᠠᠭᠠᠭᠰᠠᠨ ᠠᠵᠢᠯᠴᠢᠨ ᠠᠩᠬᠢ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠭᠰᠠᠨ ᠪᠠᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠨᠠᠮ ᠤᠨ ᠲᠥᠪ ᠬᠣᠷᠢᠶ᠎ᠠ ᠶᠢᠨ ᠠᠷᠠᠳᠲᠦᠮᠡᠨ  ᠢᠶᠠᠷ ᠭᠣᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ  ᠪᠠ ᠪᠦᠬᠦ ᠰᠡᠳᠬᠢᠯ ᠪᠦᠬᠦ ᠵᠣᠷᠢᠭ ᠢᠶᠠᠷ ᠠᠵᠢᠯᠴᠢᠨᠠᠩᠭᠢ ᠳᠤ ᠲᠦᠰᠢᠭᠯᠡᠬᠦ ᠴᠢᠭᠯᠡᠯᠲᠡ ᠶᠢ ᠢᠮᠠᠭᠲᠠ ᠪᠠᠷᠢᠮᠲᠠᠯᠠᠬᠤ ᠴᠢᠩᠭ᠎ᠠ ᠬᠦᠴᠦᠲᠡᠢ ᠲᠣᠬᠢᠶ᠎ᠡ ᠶᠢᠭᠠᠷᠭᠠᠵᠠᠢ᠃ ᠡᠨᠡ ᠨᠢ ᠨᠠᠮ ᠤᠨ ᠲᠥᠷᠦ ᠪᠠᠷᠢᠬᠤ ᠰᠠᠭᠤᠷᠢ ᠶᠢ ᠴᠢᠨᠠᠭᠰᠢᠲᠠ ᠪᠠᠲᠤᠳᠬᠠᠬᠤ᠂ ᠦᠢᠯᠡᠳᠭᠡᠯ ᠦᠨᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠵᠤ ᠦᠢᠯᠡᠰ ᠦᠨ ᠠᠵᠢᠯᠴᠢᠨ ᠤ ᠬᠡᠪᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠦ ᠴᠢᠬᠤᠯᠠ ᠶᠡᠬᠡ ᠪᠥᠭᠡᠳ ᠠᠯᠤᠰ ᠬᠡᠲᠦ  ᠶᠢᠨᠭᠦᠨ ᠭᠦᠨᠵᠡᠭᠡᠢ ᠠᠴᠢ ᠬᠣᠯᠪᠣᠭᠳᠠᠯ ᠲᠠᠢ ᠶᠤᠮ᠃

 

 

ᠢᠷᠡᠯᠲᠡ᠄ ᠠᠷᠠᠳ ᠤᠨ ᠰᠦᠯᠵᠢᠶ᠎ᠡ


   :                    
   :           
备案序号:蒙ICP备05003250号 公安备案15010502000173