ᠵᠤᠬᠢᠶᠠᠭᠴᠢ: ᠴᠠᠭ:2016-06-05 ᠥᠵᠡᠭᠰᠡᠨ : ᠢᠷᠡᠯᠲᠡ:
ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ

2011 ᠤᠨ ᠤ 9 ᠳ᠋ᠦ᠋ᠭᠡᠷ ᠰᠠᠷ᠎ᠠ ᠶᠢᠨ 28᠎ ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ  ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠠᠴᠠ ᠪᠠᠳᠤᠯᠠᠪᠠ) ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ 31   ᠳ᠋ᠦ᠋ᠭᠡᠷ ᠳᠤᠭᠠᠳᠤ 2011 ᠤᠨ ᠤ 9 ᠰᠠᠷ᠎ᠠ ᠶᠢᠨ 28᠎ ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠎ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠳᠡᠭᠡᠷ᠎ᠠ ᠵᠠᠰᠠᠪᠤᠷᠢ ᠤᠷᠤᠭᠤᠯᠵᠤ ᠪᠠᠳᠤᠯᠠᠭᠰᠠᠨ 《ᠦᠪᠦᠷ  ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ》᠎ ᠢ  ᠤᠳᠤ ᠨᠠᠶᠢᠳᠠᠯᠡᠪᠠ᠂ 2011 ᠤᠨ ᠤ 12 ᠰᠠᠷ᠎ᠠ ᠶᠢᠨ 1᠎ ᠤ ᠡᠳᠦᠷ ᠠᠴᠠ ᠡᠬᠢᠯᠡᠵᠤ ᠬᠡᠷᠡᠭᠵᠢᠭᠦᠯᠦᠨ᠎ᠠ᠃ 1998  ᠤᠨ ᠤ 11 ᠰᠠᠷ᠎ᠠ ᠶᠢᠨ 27᠎ ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ  ᠤᠳᠠᠭᠠᠨ ᠤ ᠬᠤᠷᠠᠯ ᠠᠴᠠ ᠪᠠᠳᠤᠯᠠᠭᠰᠡᠨ 《ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ  ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ》᠎ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃  2011 ᠤᠨ ᠤ 9 ᠰᠠᠷ᠎ᠠ ᠶᠢᠨ 29᠎ ᠤ ᠡᠳᠦᠷ ᠨᠢᠭᠡᠳᠦᠭᠡᠷ ᠪᠦᠯᠦᠭ ᠶᠡᠷᠦᠩᠭᠡᠢ ᠳᠦᠷᠢᠮ ᠨᠢᠭᠡᠳᠦᠭᠡᠷ ᠵᠦᠢᠯ    ᠦᠨᠳᠦᠰᠦᠨ ᠨᠤᠳᠤᠭ ᠪᠡᠯᠴᠢᠭᠡᠷ ᠲᠤ ᠤᠨᠴᠠᠭᠠᠢ ᠬᠠᠮᠠᠭᠠᠯᠠᠯᠳᠠ ᠬᠢᠵᠤ ᠨᠤᠳᠤᠭ  ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠠᠵᠤ ᠠᠬᠤᠢ  ᠪᠠ ᠨᠡᠶᠢᠭᠡᠮ ᠤᠨ ᠦᠷᠭᠦᠯᠵᠢᠯᠡᠠ ᠬᠦᠭᠵᠢᠬᠦ ᠶᠢ ᠠᠬᠢᠭᠤᠯᠬᠤ ᠶᠢᠨ ᠲᠦᠯᠦᠭᠡ 《ᠪᠦᠭᠦᠳᠠ ᠨᠠᠶᠢᠷᠠᠮᠳᠠᠬᠤ ᠲᠤᠮᠳᠠᠳᠤ  ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠦᠯᠢ》 ᠪᠠ ᠤᠯᠤᠰ ᠤᠨ ᠬᠤᠯᠪᠤᠭᠳᠠᠯ ᠪᠦᠭᠦᠢ ᠬᠠᠦᠯᠢ ᠴᠠᠭᠠᠵᠠ᠂  ᠳᠦᠷᠢᠮ ᠲᠤᠭᠳᠠᠭᠠᠯ ᠶᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ  ᠤᠶᠠᠯᠳᠤᠭᠤᠯᠤᠨ ᠲᠤᠰ ᠳᠦᠷᠢᠮ ᠢ ᠲᠤᠭᠳᠠᠭᠠᠪᠠ᠃ ᠬᠤᠶᠠᠳᠤᠭᠠᠷ ᠵᠦᠢᠯ    ᠲᠤᠰ ᠳᠦᠷᠢᠮ ᠳᠤ ᠶᠠᠷᠢᠵᠤ ᠪᠠᠶᠢᠭ᠎ᠠ ᠦᠨᠳᠦᠰᠦᠨ ᠨᠤᠳᠤᠭ ᠪᠡᠯᠴᠢᠭᠡᠷ ᠭᠡᠳᠡᠭ ᠨᠢ  ᠬᠠᠦᠯᠢ ᠶᠤᠰᠤᠭᠠᠷ ᠤᠨᠴᠠᠭᠠᠢ ᠬᠠᠮᠠᠭᠠᠯᠠᠯᠳᠠ ᠬᠢᠭᠦ ᠪᠠᠷ ᠲᠤᠭᠳᠠᠭᠰᠡᠨ ᠨᠤᠳᠤᠭ ᠪᠡᠯᠴᠢᠭᠡᠷ ᠤᠨ ᠠᠮᠢ ᠠᠬᠤᠢ ᠶᠢᠨ  ᠴᠢᠳᠠᠪᠬᠢ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠤᠬᠢᠷᠠᠬᠤ ᠪᠠᠶᠢᠭᠠᠯᠢ ᠶᠢᠨ ᠨᠤᠳᠤᠭ ᠪᠡᠯᠴᠢᠭᠡᠷ ᠪᠠ  ᠬᠦᠮᠦᠨ ᠤ ᠬᠦᠴᠦ ᠪᠠᠷ ᠳᠠᠷᠢᠭᠰᠠᠨ ᠪᠡᠯᠴᠢᠬᠡᠷ ᠢ ᠵᠢᠭᠠᠨ᠎ᠠ᠃ ᠭᠤᠷᠪᠠᠳᠤᠭᠠᠷ ᠵᠦᠢᠯ    ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠷᠢᠶᠠᠨ ᠳᠤ ᠦᠨᠳᠦᠰᠦᠨ  ᠨᠤᠳᠤᠭ ᠪᠡᠯᠴᠢᠭᠡᠷ ᠢ ᠲᠦᠯᠦᠪᠵᠢᠭᠦᠯᠭᠦ᠂ ᠬᠤᠪᠢᠶᠠᠬᠤ᠂ ᠬᠠᠮᠠᠭᠠᠯᠠᠬᠤ᠂ ᠪᠦᠳᠦᠭᠡᠨ ᠪᠠᠶᠢᠭᠤᠯᠬᠤ᠂ ᠠᠰᠢᠭᠯᠠᠬᠤ ᠪᠠ  ᠬᠠᠮᠢᠶᠠᠷᠬᠤ ᠳᠤ ᠲᠤᠰ ᠳᠦᠷᠢᠮ ᠢ ᠬᠡᠷᠡᠭᠯᠡᠨ᠎ᠠ᠃ ᠳᠦᠷᠪᠡᠳᠦᠭᠡᠷ ᠵᠦᠢᠯ    ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠳᠤ ᠰᠢᠨᠵᠢᠯᠡᠭᠦ ᠤᠬᠠᠭᠠᠨᠴᠢ ᠪᠠᠷ  ᠲᠦᠯᠦᠪᠵᠢᠭᠦᠯᠵᠤ᠂ ᠬᠠᠮᠭᠠᠯᠠᠬᠤ ᠶᠢ ᠴᠢᠬᠤᠯᠠᠴᠢᠯᠠᠵᠤ᠂ ᠪᠦᠳᠦᠭᠡᠨ ᠪᠠᠶᠢᠭᠤᠯᠤᠯᠳᠠ ᠪᠠᠷ ᠭᠤᠤᠯᠳᠠᠭᠤᠯᠤᠨ᠂ ᠵᠦᠢ  ᠵᠤᠬᠢᠰᠳᠠᠢ ᠠᠰᠢᠭᠯᠠᠵᠤ᠂ ᠴᠢᠩᠬ᠎ᠠ ᠨᠢᠮᠪᠠᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠬᠡᠷᠡᠭᠳᠠᠢ᠃   ᠲᠠᠪᠤᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ  ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ  ᠬᠦᠭᠵᠢᠯᠳᠠ ᠶᠢᠨ ᠲᠦᠯᠦᠪᠵᠢᠭᠦᠯᠭᠡ ᠳᠡᠭᠡᠨ ᠤᠷᠤᠭᠤᠯᠤᠨ᠂ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ  ᠠᠵᠢᠯ ᠳᠤ ᠬᠡᠷᠡᠭᠰᠡᠬᠦ ᠵᠠᠷᠤᠳᠠᠯ ᠰᠦᠢᠳᠭᠡᠯ ᠢ ᠪᠠᠳᠤᠯᠠᠬᠤ ᠬᠡᠷᠡᠭᠳᠠᠢ᠃ ᠵᠢᠷᠭᠤᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ ᠤ  ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ  ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠵᠤ ᠬᠢᠨᠠᠨ ᠬᠠᠮᠢᠶᠠᠷᠬᠤ ᠠᠵᠢᠯ ᠢ ᠭᠤᠤᠯᠯᠠᠨ  ᠬᠠᠮᠢᠶᠠᠷᠤᠨ᠎ᠠ᠃  ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠤᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠠᠶᠢᠭᠤᠯᠤᠮᠵᠢ ᠲᠤᠰ ᠵᠠᠰᠠᠭ  ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠤᠳᠠᠳᠠᠢ ᠠᠵᠢᠯ ᠢ  ᠬᠠᠷᠢᠭᠤᠴᠠᠨ᠎ᠠ᠃  ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠬᠠᠷᠢᠶᠠᠨ ᠳᠠᠬᠢ  ᠦᠨᠳᠦᠰᠦᠨ ᠨᠤᠳᠤᠭ ᠪᠡᠯᠴᠢᠭᠡᠷ ᠢ ᠬᠠᠮᠠᠯᠭᠠᠬᠤ ᠶᠢ ᠬᠢᠨᠠᠯᠳᠠ ᠲᠠᠯᠪᠢᠨ ᠪᠠᠶᠢᠴᠠᠭᠠᠬᠤ ᠠᠵᠢᠯ ᠢᠶᠠᠨ ᠴᠢᠩᠭᠠᠳᠬᠠᠬᠤ  ᠬᠡᠷᠡᠭᠳᠠᠢ᠃   ᠲᠤᠯᠤᠳᠤᠭᠠᠷ ᠵᠦᠢᠯ    ᠶᠠᠮᠠᠷᠪᠠ ᠨᠢᠭᠡᠴᠠ ᠪᠠ ᠬᠤᠪᠢ ᠬᠦᠮᠦᠨ ᠪᠦᠷ ᠦᠨᠳᠦᠰᠦᠨ ᠨᠤᠳᠤᠭ ᠪᠡᠯᠴᠢᠭᠡᠷ ᠢ  ᠬᠠᠮᠭᠠᠯᠠᠬᠤ ᠡᠭᠦᠷᠭᠡ ᠲᠠᠢ᠂ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠪᠠᠷ ᠨᠡᠶᠢᠭᠡᠮ ᠠᠴᠠ ᠬᠢᠨᠠᠯᠳᠠ  ᠲᠠᠯᠪᠢᠬᠤ ᠳᠤ ᠤᠷᠤᠯᠴᠠᠬᠤ ᠡᠷᠭᠡ ᠲᠠᠢ ᠪᠦᠭᠡᠳ ᠦᠨᠳᠦᠰᠦᠨ ᠨᠤᠳᠤᠭ ᠪᠡᠯᠴᠢᠭᠡᠷ ᠢ ᠡᠪᠳᠡᠭᠰᠡᠨ ᠬᠠᠦᠯᠢ ᠪᠤᠰᠤ  ᠠᠵᠢᠯᠯᠠᠭ᠎ᠠ ᠢ ᠢᠯᠡᠴᠢᠯᠡᠨ ᠵᠠᠭᠠᠯᠳᠤᠬᠤ ᠡᠷᠭᠡ ᠲᠠᠢ᠃ ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ  ᠪᠡᠯᠡ ᠮᠦᠡᠭᠭᠦᠨ ᠤ ᠨᠦᠬᠦᠪᠦᠷᠢ᠂ ᠮᠡᠷᠭᠡᠵᠢᠯ ᠤᠨ ᠲᠠᠮᠵᠢᠯᠭᠡ ᠵᠡᠷᠭᠡ ᠠᠷᠭ᠎ᠠ ᠪᠠᠷ ᠦᠨᠳᠦᠰᠦᠨ ᠨᠤᠳᠤᠭ ᠪᠡᠯᠴᠢᠭᠡᠷ ᠤᠨ  ᠠᠮᠢ ᠠᠬᠤᠢ ᠶᠢ ᠨᠦᠭᠦᠪᠦᠷᠢᠯᠡᠭᠦ ᠤᠷᠳᠤ ᠬᠤᠭᠤᠴᠠᠭᠠᠨ ᠤ ᠪᠦᠲᠦᠮᠵᠢᠲᠡᠢ ᠲᠤᠭᠳᠠᠴᠠ ᠪᠠ ᠤᠯᠠᠨ ᠠᠷᠭ᠎ᠠ ᠵᠠᠮ ᠢᠶᠠᠷ  ᠦᠨᠳᠦᠰᠦᠨ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢ ᠨᠡᠮᠡᠭᠲᠡᠬᠦᠯᠬᠦ  ᠲᠤᠭᠳᠠᠴᠠ ᠪᠠᠶᠢᠭᠤᠯᠬᠤ ᠬᠡᠷᠡᠭᠳᠠᠢ᠃   ᠶᠢᠰᠦᠳᠦᠭᠡᠷ ᠵᠦᠢᠯ    ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ  ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠠᠵᠢᠯ ᠳᠤ ᠲᠤᠪᠤᠶᠢᠮ᠎ᠠ ᠠᠮᠵᠢᠯᠳᠠ ᠭᠠᠷᠭᠠᠭᠰᠡᠨ ᠨᠢᠭᠡᠴᠠ ᠪᠠ  ᠬᠤᠪᠢ ᠬᠦᠮᠦᠨ ᠢ ᠬᠦᠬᠢᠭᠦᠯᠦᠨ ᠱᠠᠩᠨᠠᠬᠤ ᠬᠡᠷᠡᠭᠳᠠᠢ᠃ ᠬᠤᠶᠠᠳᠤᠭᠠᠷ ᠪᠦᠯᠦᠭ ᠲᠦᠯᠦᠪᠵᠢᠭᠦᠯᠭᠡ ᠪᠠ ᠬᠤᠪᠢᠶᠠᠷᠢᠯᠠᠨ ᠲᠣᠭᠲᠠᠭᠠᠬᠤ ᠠᠷᠪᠠᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ ᠤ  ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ  ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠠ ᠳᠡᠭᠡᠷ᠎ᠠ ᠨᠢᠭᠡ ᠱᠠᠳᠤᠨ ᠤ ᠦᠨᠳᠦᠰᠤᠨ ᠨᠤᠳᠤᠭ  ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠶᠢ ᠦᠨᠳᠦᠰᠦᠯᠡᠵᠦ᠂ ᠲᠤᠬᠠᠢ ᠶᠢᠨ ᠭᠠᠵᠠᠷ ᠤᠷᠤᠨ ᠤ ᠪᠠᠨ ᠪᠤᠳᠠᠳᠠᠢ  ᠎ ᠲᠠᠢ ᠤᠶᠠᠯᠳᠤᠭᠤᠯᠤᠨ᠂ ᠪᠠᠶᠢᠭᠠᠯᠢ ᠶᠢᠨ ᠵᠢᠮ᠎ᠠ ᠶᠤᠰᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠵᠢᠮ᠎ᠠ ᠶᠤᠰᠤ  ᠎ ᠶᠢ ᠬᠦᠨᠳᠦᠳᠭᠡᠨ᠂ ᠲᠤᠰ ᠵᠠᠰᠠᠭ ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ 


   :                    
   :           
备案序号:蒙ICP备05003250号 公安备案15010502000173