ᠵᠤᠬᠢᠶᠠᠭᠴᠢ:
ᠴᠠᠭ:2021-06-25
ᠥᠵᠡᠭᠰᠡᠨ : ℃
ᠢᠷᠡᠯᠲᠡ:
ᠤᠢᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ《ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ》 ᠦᠢᠯᠡᠳᠦᠯᠭᠡ ᠶᠢᠨ ᠠᠵᠢᠯᠯᠠᠭ᠎ᠠ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠵᠦᠢᠯ ᠦᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠣᠶ ᠪᠣᠯᠬᠤ ᠬᠥᠷᠥᠰᠥ ᠰᠢᠷᠣᠶ ᠶᠢ ᠠᠷᠢᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠳᠤ ᠠᠮᠤᠷ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠦ ᠪᠠᠶᠢᠨ᠎ᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠬᠦ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠮᠲᠤ ᠪᠠᠷ ᠠᠬᠢᠭᠤᠯᠵᠤ᠂ ᠲᠤᠰᠬᠠᠶ ᠬᠤᠷᠠᠯ ᠬᠢᠵᠦ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠲᠤᠰᠬᠠᠶ ᠵᠦᠢᠯ ᠦᠨ ᠠᠵᠢᠯᠯᠠᠭ᠎ᠠ ᠶᠢᠨ ᠠᠵᠢᠯ ᠢ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠣᠶ ᠪᠣᠯᠬᠤ ᠬᠥᠷᠥᠰᠥ ᠰᠢᠷᠣᠶ ᠶᠢ ᠠᠷᠢᠯᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢ ᠠᠬᠤᠶ ᠶᠢᠨ ᠣᠷᠣᠨ ᠵᠠᠶ ᠶᠢ ᠴᠡᠪᠡᠷᠰᠢᠭᠦᠯᠪᠠ᠃ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠲᠤᠷᠠᠯᠴᠠᠭ᠎ᠠ ᠪᠠᠨ ᠴᠢᠩᠭᠠᠳᠬᠠᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠰᠦᠪᠡᠭᠴᠢ ᠶᠢᠨ ᠢᠷᠡᠯᠲᠡ ᠶᠢ ᠥᠷᠭᠡᠳᠬᠡᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠵᠤ ᠵᠠᠳᠠᠯᠬᠤ ᠶᠢ ᠴᠢᠩᠭᠠᠳᠬᠠᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠦᠪᠡᠭᠴᠢ ᠶᠢ ᠢᠯᠡᠷᠡᠭᠦᠯᠪᠡᠯ ᠲᠡᠷᠡ ᠳᠠᠷᠤᠶ ᠳᠤᠨᠢ ᠪᠠᠶᠢᠴᠠᠭᠠᠨ ᠭᠡᠷᠡᠴᠢ ᠠᠪᠴᠤ᠂ ᠮᠡᠳᠡᠭᠡ ᠵᠠᠩᠭᠢ ᠶᠢ ᠬᠠᠷᠭᠤᠭᠤᠯᠤᠨ ᠳᠣᠲᠣᠯᠠᠵᠤ᠂ ᠢᠯᠡᠷᠡᠭᠦᠯᠬᠦ᠂ ᠰᠤᠳᠤᠯᠤᠨ ᠮᠠᠭᠠᠳᠯᠠᠬᠤ᠂ ᠲᠠᠰ ᠳᠠᠷᠠᠭᠠᠯᠠᠯ ᠢ ᠬᠠᠤᠯᠢ ᠶᠣᠰᠣᠨ ᠤ ᠪᠥᠭᠡᠳ ᠥᠨᠳᠥᠷ ᠪᠦᠲᠦᠮᠵᠢᠲᠡᠶ ᠡᠮᠬᠢ ᠵᠢᠷᠤᠮ ᠲᠠᠢ ᠪᠣᠯᠭᠠᠪᠠ᠃ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠵᠢᠯᠣᠭᠤᠳᠴᠤ ᠪᠠᠶᠢᠭᠠᠳ ᠪᠥᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠴᠠᠭᠠᠨ ᠣᠶᠢᠯᠠᠭᠠᠵᠤ᠂ ᠰᠦᠯᠵᠢᠶᠡᠨ ᠳᠡᠭᠡᠷ᠎ᠡ ᠪᠠᠶᠢᠴᠠᠭᠠᠬᠤ᠂ ᠰᠦᠯᠵᠢᠶᠡᠨ ᠭᠠᠳᠠᠨ᠎ᠠ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠪᠣᠳᠠᠲᠤ ᠬᠡᠷᠡᠭ ᠤᠨ ᠵᠢᠱᠢᠶ᠎ᠡ ᠶᠢ ᠤᠬᠠᠭᠤᠯᠤᠨ ᠲᠠᠶᠢᠯᠪᠤᠷᠢᠯᠠᠵᠤ᠂ ᠪᠥᠬᠦ ᠣᠷᠣᠨ ᠤ ᠬᠠᠤᠯᠢ ᠶᠣᠰᠣᠭᠠᠷ ᠳᠠᠩᠰᠠᠯᠠᠭᠤᠯᠤᠭᠰᠠᠨ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠥᠷᠲᠡᠭᠡ ᠲᠠᠪᠴᠠᠩ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠬᠠᠮᠲᠤᠷᠠᠯᠴᠠᠬᠤ ᠥᠬᠡᠶ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠥᠬᠦᠮ ᠦᠵᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠡᠵᠥ ᠪᠤᠢ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠰᠦᠪᠡᠭᠴᠢ ᠶᠢ ᠨᠡᠶᠢᠲᠡ 21 ᠪᠠᠶᠢᠴᠠᠭᠠᠨ ᠵᠢᠭᠰᠠᠭᠠᠵᠤ᠂ 8 ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠦᠴᠦᠨ ᠥᠬᠡᠶ ᠪᠣᠯᠭᠠᠵᠤ᠂ 7 ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠬᠠᠨ ᠲᠠᠷᠬᠠᠭᠠᠵᠤ᠂ 3 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠤᠨ ᠬᠠᠤᠯᠢ ᠶᠣᠰᠣᠭᠠᠷ ᠳᠠᠩᠰᠠᠯᠠᠭᠤᠯᠤᠨ ᠲᠡᠮᠳᠡᠭᠯᠡᠬᠦᠯᠵᠦ᠂ 3 ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠰ ᠢ ᠨᠡᠶᠢᠲᠡᠯᠡᠵᠦ᠂ 6 ᠵᠢᠷᠭᠢᠶ᠎ᠠ ᠶᠢᠨ ᠪᠦᠯᠦᠭ᠂ ᠣᠯᠠᠨ ᠨᠡᠶᠢᠲᠡ ᠶᠢᠨ ᠳ᠋ᠤᠭᠠᠷ ᠵᠡᠷᠭᠡ ᠬᠤᠪᠢ ᠶᠢᠨ ᠵᠠᠭᠤᠴᠢᠯᠠᠭᠤᠷ ᠢ ᠬᠠᠤᠯᠢ ᠶᠤᠰᠤᠭᠠᠷ ᠬᠠᠭᠠᠪᠠ᠃