ᠵᠤᠬᠢᠶᠠᠭᠴᠢ:
ᠴᠠᠭ:2022-10-14
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠡᠰᠡᠭ ᠲᠣᠠᠠᠳᠠᠭᠠᠯ ᠳᠥᠷᠢᠮ ᠢ ᠭᠦᠴᠦᠨ ᠦᠬᠡᠢ ᠪᠤᠯᠭᠠᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠲᠣᠠᠠᠳᠠᠭᠠᠯ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
247 ᠳ᠋ᠤᠭᠠᠷ ᠲᠣᠭᠠᠲᠤ
《ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠢ ᠬᠦᠴᠦᠨ ᠥᠬᠡᠶ ᠪᠣᠯᠭᠠᠬᠤ ᠲᠤᠬᠠᠢ ᠲᠣᠭᠲᠠᠭᠠᠯ》 ᠢ 2020 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 21 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠡᠯ ᠢᠶᠠᠷ ᠬᠢᠨᠡᠨ ᠵᠦᠪᠯᠡᠵᠦ ᠪᠠᠳᠣᠯᠠᠭᠠᠳ ᠡᠳᠣᠬᠡ ᠨᠡᠶᠢᠳᠡᠯᠡᠪᠡ᠂ ᠨᠡᠶᠢᠳᠡᠯᠡᠭᠰᠡᠨ ᠡᠳᠣᠷ ᠠᠴᠠ ᠡᠬᠢᠯᠡᠵᠦ ᠬᠦᠴᠦᠨ ᠲᠠᠢ ᠪᠤᠯᠣᠨ᠎ᠠ᠃
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ
2020 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ
ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠡᠰᠡᠭ ᠲᠣᠠᠠᠳᠠᠭᠠᠯ ᠳᠥᠷᠢᠮ ᠢ ᠭᠦᠴᠦᠨ ᠦᠬᠡᠢ ᠪᠤᠯᠭᠠᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠲᠣᠠᠠᠳᠠᠭᠠᠯ
ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠯᠭᠠᠷᠠᠭᠤᠯᠬᠤ ᠠᠵᠢᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠢᠯᠭᠠᠷᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ ᠢ ᠬᠦᠴᠦᠨ ᠦᠭᠡᠢ ᠪᠣᠯᠭᠠᠬᠤ ᠪᠠᠷ ᠲᠣᠭᠲᠠᠭᠠᠪᠠ᠃
ᠲᠤᠰ ᠲᠣᠭᠲᠠᠭᠠᠯ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠣᠯᠤᠨ᠎ᠠ᠃
ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠥᠬᠡᠶ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ
ᠳᠠᠭᠠᠯᠳᠤᠭᠤᠯᠤ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠬᠡᠰᠡᠭ ᠲᠣᠭᠲᠠᠭᠠᠯ ᠳᠦᠷᠢᠮ
ᠨᠢᠭᠡ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠬᠢᠨᠠᠨ ᠪᠠᠶᠢᠴᠠᠭᠠᠯᠲᠠ ᠶᠢᠨ ᠠᠷᠭ᠎ᠠ》 ︵1992 ᠣᠨ ᠤ 6 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 42 ᠳ᠋ᠤᠭᠠᠷ ᠲᠣᠭᠠᠲᠤ ᠪᠠᠷ ᠨᠡᠶᠢᠲᠡᠯᠡᠪᠡ᠂ 2010 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠤᠨ 《ᠬᠡᠰᠡᠭ ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ》 ᠢ ᠦᠨᠳᠦᠰᠦᠯᠡᠨ ᠵᠠᠰᠠᠪᠤᠷᠢ ᠣᠷᠣᠭᠤᠯᠪᠠ︶᠃
ᠬᠤᠶᠠᠷ᠂ 《︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠢ ᠪᠠᠶᠠᠯᠢᠭ ᠤᠨ ᠭᠠᠶᠢᠯᠢ ᠶᠢᠨ ᠲᠦᠷ ᠬᠡᠷᠡᠭᠵᠢᠭᠦᠯᠬᠦ ᠲᠦᠷᠢᠮ﹀ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ》 ︵2013 ᠣᠨ ᠤ 6 ᠳ᠋ᠤᠭᠠᠷ ᠰᠠᠷ᠎ᠠ ᠶᠢᠨ 6 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 196 ᠳ᠋ᠤᠭᠠᠷ ᠲᠣᠭᠠᠲᠤ ᠪᠠᠷ ᠨᠡᠶᠢᠲᠡᠯᠡᠪᠡ︶᠃
ᠭᠤᠷᠪᠠ᠂ 《ᠬᠦᠨᠳᠦ ᠶᠡᠭᠡ ᠠᠶᠤᠯ ᠦᠭᠡᠢ ᠠᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠭᠠᠯ》 ︵2001 ᠣᠨ ᠤ 10 ᠳ᠋ᠤᠭᠠᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 114 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃
ᠳᠥᠷᠪᠡ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨ ᠠᠶᠤᠯ ᠲᠦᠭᠰᠢᠭᠦᠷᠢ ᠶᠡᠬᠡᠲᠡᠶ ᠨᠢᠭᠡᠴᠢ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ》 ︵2014 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 201 ᠳ᠋ᠦ᠋ᠭᠡᠷ ᠲᠣᠭᠠᠲᠤ ᠪᠠᠷ ᠨᠡᠶᠢᠲᠡᠯᠡᠪᠡ︶᠃