ᠵᠤᠬᠢᠶᠠᠭᠴᠢ:
ᠴᠠᠭ:2022-09-09
ᠥᠵᠡᠭᠰᠡᠨ : ℃
ᠢᠷᠡᠯᠲᠡ: ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠠᠭᠤᠷᠢᠶᠠᠯ ᠦᠵᠡᠭᠦᠯᠬᠦ ᠰᠤᠷᠭᠠᠭᠤᠯᠢ ᠶᠢᠨ ᠨᠡᠷᠡᠰ ᠤᠨ ᠲᠤᠬᠠᠶ ᠢᠯᠡ ᠨᠡᠶᠢᠲᠡᠯᠡᠯ
《ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠠᠭᠤᠷᠢᠶᠠᠯ ᠦᠵᠡᠭᠦᠯᠬᠦ ᠰᠤᠷᠭᠠᠭᠤᠯᠢ ᠶᠢ ᠰᠣᠩᠭᠤᠬᠤ ᠲᠤᠬᠠᠶ ᠮᠡᠳᠡᠭᠳᠡᠯ》 ︵ᠥᠪᠥᠷ ᠰᠤᠷᠭᠠᠨ ᠪᠡᠶ᠎ᠡ ᠶᠢᠨ ᠲᠠᠮᠢᠷ ᠤᠷᠠᠯᠢᠭ ᠪᠢᠴᠢᠭ ﹇202﹈ 41 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠪᠠ ᠬᠤᠯᠪᠤᠭᠳᠠᠬᠤ ᠠᠵᠢᠯ ᠤᠨ ᠲᠠᠰ ᠳᠠᠷᠠᠭᠠᠯᠠᠯ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠮᠠᠨᠵᠤ ᠦᠨᠳᠦᠰᠦᠲᠡᠨ ᠤ ᠪᠠᠭ᠎ᠠ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠠᠭᠤᠷᠢᠶᠠᠯ ᠦᠵᠡᠭᠦᠯᠬᠦ 20 ᠰᠤᠷᠭᠠᠭᠤᠯᠢ ᠶᠢ ᠰᠣᠩᠭᠤᠵᠤ᠂ ᠡᠳᠦᠭᠡ ᠢᠯᠡ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ 2022 ᠣᠨ ᠤ 9 ᠰᠠᠷ᠎ᠠ ᠶᠢᠨ 3 9 ᠰᠠᠷ᠎ᠠ ᠶᠢᠨ 7 ᠤ ᠡᠳᠦᠷ ᠪᠣᠯᠤᠨ᠎ᠠ᠃
ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠲᠤ ᠬᠤᠯᠪᠤᠭᠳᠠᠬᠤ ᠪᠠᠶᠢᠳᠠᠯ ᠪᠠ ᠠᠰᠠᠭᠤᠳᠠᠯ ᠢ ᠲᠤᠰᠬᠠᠬᠤ ᠳᠤ ᠪᠠᠨ ᠴᠢᠬᠤᠯᠠ ᠪᠥᠬᠦᠶ ᠭᠡᠷᠡᠴᠢᠯᠡᠬᠦ ᠮᠠᠲ᠋ᠧᠷᠢᠶᠠᠯ ᠬᠠᠩᠭᠠᠬᠤ ᠶᠢᠨ ᠬᠠᠮᠲᠤ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠵᠤ᠂ ᠪᠠᠶᠢᠴᠠᠭᠠᠨ ᠬᠠᠷᠭᠤᠭᠤᠯᠬᠤ ᠪᠠ ᠪᠠᠶᠢᠳᠠᠯ ᠢ ᠬᠠᠷᠢᠭᠤ ᠪᠤᠴᠠᠭᠠᠬᠤ ᠳᠤ ᠲᠥᠬᠦᠮ ᠦᠵᠡᠭᠦᠯᠵᠦ᠂ ᠬᠤᠭᠤᠴᠠᠭ᠎ᠠ ᠬᠡᠲᠦᠷᠡᠭᠰᠡᠨ ᠵᠢᠴᠢ ᠨᠡᠷ᠎ᠡ ᠪᠤᠷᠤᠭᠤᠯᠠᠭᠰᠠᠨ ᠲᠤᠰᠬᠠᠯ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃
ᠬᠦᠯᠢᠶᠡᠨ ᠠᠪᠬᠤ ᠤᠲᠠᠰᠤ᠄ 0471 - 2857025᠂ 2857003
ᠬᠦᠯᠢᠶᠡᠨ ᠠᠪᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ
ᠬᠦᠯᠢᠶᠡᠨ ᠠᠪᠬᠤ ᠰᠢᠦᠳᠠᠨ ᠬᠠᠶᠢᠷᠴᠠᠭ᠄ 447320894 @ qq . com᠃
ᠳᠠᠭᠠᠯᠳᠤᠭᠤᠯᠤᠯ᠄ 2022 ᠣᠨ ᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠳᠠᠭᠤᠷᠢᠶᠠᠯ ᠦᠵᠡᠭᠦᠯᠬᠦ ᠰᠤᠷᠭᠠᠭᠤᠯᠢ ᠶᠢᠨ ᠰᠣᠩᠭᠤᠭᠳᠠᠭᠰᠠᠨ ᠨᠡᠷᠡᠰ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ
2022 ᠣᠨ ᠤ 9 ᠰᠠᠷ᠎ᠠ ᠶᠢᠨ 2 ᠤᠨ ᠡᠳᠦᠷ