ᠵᠤᠬᠢᠶᠠᠭᠴᠢ:
ᠴᠠᠭ:2022-09-23
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠲᠤᠷᠠᠨ ︽ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠳᠠᠮ ᠬᠦᠦ ᠲᠠᠢ ᠵᠢᠭᠡᠯᠡᠯᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠪᠠ
ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠢ ᠳᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠦᠨᠳᠦᠰᠦᠲᠡᠨ ᠤ ᠭᠠᠵᠠᠷ ᠣᠷᠣᠨ ᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠲᠤᠷᠠᠨ 《ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠳᠠᠮ ᠬᠦᠦ ᠲᠠᠢ ᠵᠢᠭᠡᠯᠡᠯᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ》 ︵ᠳᠣᠷᠣᠭᠰᠢ 《ᠬᠡᠷᠡᠭᠵᠢᠭᠦᠯᠬᠦ ᠨᠠᠷᠢᠨ ᠳᠦᠷᠢᠮ》 ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃
《ᠬᠡᠷᠡᠭᠵᠢᠭᠦᠯᠬᠦ ᠨᠠᠷᠢᠨ ᠳᠦᠷᠢᠮ》 ᠳᠤ ᠶᠡᠷᠦᠩᠬᠡᠢ ᠳᠦᠷᠢᠮ᠂ ᠲᠥᠰᠥᠪ ᠤᠨ ᠬᠠᠮᠢᠶᠠᠷᠤᠯᠲᠠ ᠪᠠ ᠳᠠᠮ ᠬᠦᠦ ᠶᠢᠨ ᠪᠠᠷᠢᠮᠵᠢᠶ᠎ᠠ ᠵᠢᠴᠢ ᠨᠥᠬᠦᠴᠡᠯ᠂ ᠪᠡᠯᠡ ᠮᠥᠩᠭᠦ ᠭᠤᠶᠤᠴᠢᠯᠠᠬᠤ᠂ ᠬᠢᠨᠠᠨ ᠬᠠᠷᠭᠤᠭᠤᠯᠬᠤ᠂ ᠰᠠᠯᠭᠠᠨ ᠥᠭᠬᠦ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠵᠡᠷᠭᠡ ᠶᠢ ᠪᠠᠭᠲᠠᠭᠠᠭᠰᠠᠨ ᠨᠡᠶᠢᠲᠡ ᠲᠠᠪᠤᠨ ᠪᠦᠯᠦᠭ ᠠᠷᠪᠠᠨ ᠵᠢᠷᠭᠤᠭᠠᠨ ᠵᠦᠢᠯ ᠲᠠᠢ᠃ 《ᠬᠡᠷᠡᠭᠵᠢᠭᠦᠯᠬᠦ ᠨᠠᠷᠢᠨ ᠳᠦᠷᠢᠮ》 ᠢ 2022 ᠣᠨ ᠤ 10 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃
《ᠬᠡᠷᠡᠭᠵᠢᠭᠦᠯᠬᠦ ᠨᠠᠷᠢᠨ ᠳᠦᠷᠢᠮ》 ᠳᠤ ᠲᠣᠳᠣᠷᠬᠠᠢ ᠲᠣᠭᠲᠠᠭᠠᠭᠰᠠᠨ ᠨᠢ᠂ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠵᠢᠭᠡᠯᠡᠯᠭᠡ ᠶᠢᠨ ᠳᠠᠮ ᠬᠦᠦ ᠨᠢ᠂ ᠤᠯᠤᠰ ᠠᠴᠠ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠦᠨᠳᠦᠰᠦᠲᠡᠨ ᠤ ᠭᠠᠵᠠᠷ ᠣᠷᠣᠨ ᠤ ᠠᠷᠠᠯᠵᠢᠶᠠᠨ ᠤ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠣᠯᠣᠨ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠴᠡᠭ ᠲᠣᠭᠲᠠᠭᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠨᠳᠦᠰᠦᠲᠡᠨ ᠤ ᠠᠷᠠᠯᠵᠢᠶ᠎ᠠ ᠪᠣᠯᠣᠨ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠢ ᠥᠷᠨᠢᠭᠦᠯᠬᠦ ᠳᠤ ᠬᠡᠷᠡᠭᠯᠡᠬᠦ ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠳᠤ ᠣᠯᠭᠤᠬᠤ ᠳᠠᠮ ᠬᠦᠦ ᠶᠢᠨ ᠨᠥᠬᠦᠪᠦᠷᠢ ᠶᠢ ᠵᠢᠭᠠᠵᠤ ᠪᠣᠢ᠂ ᠳᠠᠮ ᠬᠦᠦ ᠲᠠᠢ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠶᠢᠨ ᠬᠠᠮᠲᠤ ᠪᠠᠷ ᠲᠣᠭᠲᠠᠭᠠᠭᠰᠠᠨ ᠪᠥᠭᠡᠳ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠳᠤ ᠳᠠᠩᠰᠠᠯᠠᠭᠤᠯᠤᠭᠰᠠᠨ ᠤ ᠳᠠᠷᠠᠭᠠᠬᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠷᠠᠯᠵᠢᠶ᠎ᠠ ᠶᠢᠨ ᠠᠵᠤ ᠠᠬᠤᠶᠢᠯᠠᠯ ᠪᠣᠯᠣᠨ᠎ᠠ᠂ ᠳᠠᠮ ᠬᠦᠦ ᠶᠢᠨ ᠲᠥᠷᠥ ᠶᠢᠨ ᠪᠣᠳᠣᠯᠭ᠎ᠠ ᠶᠢ 2025 ᠣᠨ ᠪᠣᠯᠲᠠᠯ᠎ᠠ ᠬᠡᠷᠡᠭᠵᠢᠭᠦᠯᠦᠨ᠎ᠡ᠃
《ᠬᠡᠷᠡᠭᠵᠢᠭᠦᠯᠬᠦ ᠨᠠᠷᠢᠨ ᠳᠦᠷᠢᠮ》 ᠳᠤ᠂ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠨᠢ ᠦᠨᠳᠦᠰᠦᠲᠡᠨ ᠤ ᠠᠷᠠᠯᠵᠢᠶᠠᠨ ᠤ ᠵᠢᠭᠡᠯᠡᠯᠭᠡ᠂ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠵᠢᠭᠡᠯᠡᠯᠭᠡ ᠶᠢ ᠳᠡᠮᠵᠢᠨ᠎ᠡ᠃ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ 1 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠬᠠᠩᠰᠢ ᠶᠢᠨ ᠬᠦᠦ ᠮᠥᠩᠭᠦ ᠶᠢᠨ ᠨᠤᠷᠮ᠎ᠠ ︵LPR︶ ᠶᠢᠨ ᠨᠡᠮᠡᠬᠦ ᠬᠠᠰᠤᠬᠤ ᠴᠡᠭ ᠤᠨ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠨ ᠲᠣᠭᠲᠠᠭᠠᠨ᠎ᠠ᠃ ᠵᠢᠭᠡᠯᠡᠯᠭᠡ ᠳᠤ ᠵᠢᠭᠡᠯᠡᠯᠭᠡ ᠶᠢᠨ ᠡᠬᠡ ᠮᠥᠩᠭᠦ ᠶᠢᠨ ᠵᠣᠭᠤᠰ ᠤᠨ ᠲᠤᠭ᠎ᠠ ᠶᠢᠨ 2.88% ᠠᠴᠠ ᠥᠨᠳᠥᠷ ᠪᠠᠶᠢᠯᠭᠠᠵᠤ ᠪᠣᠯᠬᠤ ᠦᠭᠡᠢ ᠬᠢᠷᠢ ᠬᠡᠮᠵᠢᠶ᠎ᠡ ᠪᠠᠷ ᠡᠳ᠋ ᠤᠨ ᠵᠠᠰᠠᠭ ᠤᠨ ᠳᠠᠮ ᠬᠦᠦ ᠮᠥᠩᠭᠦ ᠲᠣᠬᠢᠷᠠᠭᠤᠯᠵᠤ᠂ 2.88% ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠠᠴᠠ ᠳᠣᠣᠷ᠎ᠠ ᠪᠠᠶᠢᠬᠤ ᠶᠢ ᠨᠢ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠠᠷ ᠡᠳ᠋ ᠤᠨ ᠵᠠᠰᠠᠭ ᠤᠨ ᠳᠠᠮ ᠬᠦᠦ ᠮᠥᠩᠭᠦ ᠣᠯᠭᠤᠨ᠎ᠠ᠃ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠵᠢᠭᠡᠯᠡᠯᠭᠡ ᠶᠢᠨ ᠳᠠᠮ ᠬᠦᠦ ᠶᠢᠨ ᠵᠣᠭᠤᠰ ᠤᠨ ᠲᠤᠭ᠎ᠠ ᠶᠢ ᠭᠠᠭᠴᠠ ᠡᠷᠦᠬᠡ ᠪᠠᠷ ᠨᠢ 600 ᠲᠦᠮᠡᠨ ᠲᠥᠭᠦᠷᠢᠭ ︵600 ᠲᠦᠮᠡᠨ ᠲᠥᠭᠦᠷᠢᠭ ᠪᠠᠭᠲᠠᠨ᠎ᠠ︶ ᠠᠴᠠ ᠬᠡᠲᠦᠷᠡᠭᠦᠯᠬᠦ ᠦᠭᠡᠢ ᠪᠠᠷ ᠡᠳ᠋ ᠤᠨ ᠵᠠᠰᠠᠭ ᠤᠨ ᠳᠠᠮ ᠬᠦᠦ ᠣᠯᠭᠤᠨ᠎ᠠ ᠭᠡᠵᠦ ᠲᠣᠭᠲᠠᠭᠠᠵᠠᠢ᠃