ᠵᠤᠬᠢᠶᠠᠭᠴᠢ: ᠴᠠᠭ:2023-08-18 ᠥᠵᠡᠭᠰᠡᠨ : ᠢᠷᠡᠯᠲᠡ:
2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                                                                                     ᠥᠪᠥᠷ ᠵᠠᠰᠠᠭ ᠦᠰᠦᠭ ﹇ 2023 ﹈ 52 ᠳ᠋ᠤᠭᠠᠷ ᠲᠣᠭᠠᠲᠤ                     

2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠤᠨ                ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ         

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄          

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠡᠰ ᠳᠠᠪᠬᠤᠷᠭ᠎ᠠ ᠪᠠ ᠲᠥᠷᠥᠯ ᠠᠩᠭᠢᠯᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠵᠦ ᠂ ᠪᠥᠬᠦ ᠣᠷᠣᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠲᠡᠩᠬᠡᠷᠡᠭᠦᠯᠦᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠬᠦᠴᠢᠷᠳᠡᠯᠲᠡᠢ ᠣᠯᠠᠨ ᠲᠦᠮᠡᠨ ᠤ ᠭᠦᠷᠳᠡᠬᠡᠮᠵᠢᠲᠦ ᠰᠡᠳᠬᠢᠯᠭᠡ ᠂ ᠵᠣᠯ ᠵᠢᠷᠭᠠᠯᠲᠤ ᠰᠡᠳᠬᠢᠯᠭᠡ ᠂ ᠠᠮᠤᠷ ᠲᠦᠪᠰᠢᠨ ᠰᠡᠳᠬᠢᠯᠭᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠤᠰᠠᠳᠠ ᠂ ᠡᠳᠦᠭᠡ 2023 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ ᠃          

ᠨᠢᠭᠡ ᠂ ᠬᠢᠨᠠᠨ ᠬᠠᠷᠭᠤᠭᠤᠯᠵᠤ ᠲᠣᠭᠲᠠᠭᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ          

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ 2023 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ ᠂ ᠡᠯ᠎ᠡ ᠭᠠᠵᠠᠷ ᠣᠷᠣᠨ ᠨᠢ ᠴᠠᠭ ᠲᠤᠬᠠᠢ ᠳᠤ ᠨᠢ ᠨᠡᠶᠢᠭᠡᠮ ᠨᠡᠶᠢᠳᠡ ᠳᠤ ᠨᠡᠶᠢᠲᠡᠯᠡᠬᠦ ᠬᠡᠷᠡᠭᠲᠡᠢ ᠃ ᠲᠣᠰ ᠣᠨ ᠤ ᠳᠣᠲᠣᠷ᠎ᠠ ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ ᠴᠢᠬᠤᠯᠠ ᠲᠠᠢ ᠪᠣᠯ ᠡᠷᠬᠡᠪᠰᠢ ᠬᠤᠯᠪᠣᠭᠳᠠᠯ ᠪᠦᠬᠦᠢ ᠲᠠᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ ᠃ ᠡᠯ᠎ᠡ ᠭᠠᠵᠠᠷ ᠣᠷᠣᠨ ᠨᠢ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭᠠᠬᠢ ᠰᠢᠨ᠎ᠡ ᠪᠠᠷ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠡᠬᠦ ᠪᠠᠷ ᠭᠤᠶᠤᠴᠢᠯᠠᠭᠰᠠᠨ ᠂ ᠣᠨᠴᠠ ᠬᠦᠴᠢᠷᠳᠡᠯᠲᠡᠢ ᠬᠥᠮᠥᠰ ᠢᠶᠠᠷ ᠭᠤᠶᠤᠴᠢᠯᠠᠭᠰᠠᠨ ᠭᠡᠷ ᠪᠦᠯᠢ ᠶᠢᠨ ᠬᠢᠨ ᠤ ᠣᠷᠣᠯᠭ᠎ᠠ ᠶᠢ ᠲᠥᠰᠥᠭᠡᠯᠡᠨ ᠪᠣᠳᠣᠬᠤ ᠪᠠ ᠤᠤᠯ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠂ ᠣᠨᠴᠠ ᠬᠦᠴᠢᠷᠳᠡᠯᠲᠡᠢ ᠬᠥᠮᠥᠰ ᠤᠨ    ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ ᠂ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠳᠣᠲᠣᠷ᠎ᠠ ᠪᠠᠲᠤᠯᠠᠬᠤ ᠶᠢ ᠦᠨᠡᠨ ᠬᠦ    ᠪᠠᠲᠤᠯᠠᠬᠤ ᠬᠡᠷᠡᠭᠲᠡᠢ ᠃          

ᠬᠤᠶᠠᠷ ᠂ ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠤ ᠬᠤᠳᠡ ᠬᠥᠳᠡᠭᠡ ᠶᠢ ᠨᠢᠭᠡᠳᠦᠯᠲᠡᠢ ᠲᠥᠯᠥᠪᠯᠡᠬᠦ ᠪᠠᠨ ᠲᠦᠷᠭᠡᠳᠬᠡᠬᠦ ᠬᠡᠷᠡᠭᠲᠡᠢ          

ᠡᠯ᠎ᠡ ᠭᠠᠵᠠᠷ ᠣᠷᠣᠨ ᠨᠢ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ 》 ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠲᠠ ᠬᠥᠳᠡᠭᠡ ᠪᠠ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ ᠂ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ  ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ ᠂ ᠬᠦᠴᠢᠷᠳᠡᠯᠲᠡᠢ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤ ᠨᠢ ᠭᠦᠢᠴᠡᠳ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠃ 2023 ᠣᠨ ᠳᠤ ᠂ ᠠᠯᠠᠱᠠ ᠠᠶᠢᠮᠠᠭ ᠢ ᠪᠥᠬᠦ ᠣᠷᠣᠨ ᠤ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠢᠶᠠᠷ ᠲᠣᠭᠲᠠᠭᠠᠵᠤ ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠂ ᠬᠥᠯᠥᠨ ᠪᠤᠶᠢᠷ ᠬᠤᠲᠠ ᠶᠢᠨ ᠣᠷᠴᠣᠨ ᠬᠤᠰᠢᠭᠤ ᠪᠠ ᠣᠷᠳᠣᠰ ᠬᠤᠲᠠ ᠶᠢᠨ ᠳ᠋ᠦᠩᠱᠧᠩ    ᠲᠣᠭᠤᠷᠢᠭ ᠂ ᠣᠲᠤᠭ ᠬᠤᠰᠢᠭᠤ ᠶᠢ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠳᠠᠬᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠲᠤᠷᠰᠢᠯᠲᠠ ᠶᠢᠨ ᠴᠡᠭ ᠢᠶᠠᠷ ᠲᠣᠭᠲᠠᠭᠠᠪᠠ ᠃ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ ᠂ ᠠᠵᠢᠯ ᠢᠶᠠᠨ ᠡᠮᠬᠢ ᠵᠢᠷᠤᠮ ᠲᠠᠢ ᠪᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃          

ᠭᠤᠷᠪᠠ ᠂ ᠬᠦᠴᠢᠷᠳᠡᠯᠲᠡᠢ ᠣᠯᠠᠨ ᠲᠦᠮᠡᠨ ᠳᠤ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠣᠯᠭᠤᠬᠤ ᠶᠢ ᠵᠢᠷᠤᠮᠵᠢᠭᠤᠯᠬᠤ ᠬᠡᠷᠡᠭᠲᠡᠢ        

ᠡᠯ᠎ᠡ ᠭᠠᠵᠠᠷ ᠣᠷᠣᠨ ᠨᠢ 《 ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠰᠠᠨᠠᠯ ᠤᠨ ᠲᠤᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ  ᠵᠥᠪᠯᠡᠯ ᠤᠨ ᠮᠡᠳᠡᠭᠳᠡᠯ 》 ︵ᠠᠷᠠᠳ ᠲᠠᠷᠬᠠᠭᠠᠭᠰᠠᠨ ﹇ 2019 ﹈ 139 ᠳ᠋ᠦ᠋ᠭᠡᠷ ᠲᠣᠭᠠᠲᠤ ︶ ᠂ 《ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ    ᠶᠠᠮᠤᠨ ᠤ ᠰᠠᠨᠠᠯ 》 ︵ᠠᠷᠠᠳ ᠲᠠᠷᠬᠠᠭᠠᠭᠰᠠᠨ ﹇ 2022 ﹈ 95 ᠳ᠋ᠤᠭᠠᠷ ᠲᠣᠭᠠᠲᠤ ︶ ᠪᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠢ    ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ 》 ︵ᠥᠪᠥᠷ ᠡᠳ᠋ ᠨᠡᠶᠢᠭᠡᠮ  ﹇ 2022 ﹈ 1109    ᠳ᠋ᠦ᠋ᠭᠡᠷ ᠲᠣᠭᠠᠲᠤ ︶ ᠵᠡᠷᠭᠡ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ ᠂ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦᠨ ᠤ ᠲᠥᠰᠥᠪ ᠤᠨ ᠬᠡᠷᠡᠭᠵᠢᠭᠦᠯᠦᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠡᠯ᠎ᠡ ᠠᠶᠢᠮᠠᠭ ᠬᠤᠲᠠ ᠵᠢᠴᠢ ᠬᠠᠷᠢᠶ᠎ᠠ ᠬᠤᠰᠢᠭᠤ ᠰᠢᠶᠠᠨ ︵ ᠬᠤᠲᠠ ᠂ ᠲᠣᠭᠤᠷᠢᠭ ︶ ᠨᠢ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠵᠤ ᠂ ᠪᠡᠯᠡ ᠮᠥᠩᠭᠦ ᠶᠢ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠢᠳᠡᠪᠬᠢᠲᠡᠢ ᠪᠠᠷ ᠴᠢᠯᠦᠭᠡᠲᠡᠢ ᠭᠦᠢᠯᠬᠡᠬᠡᠵᠦ ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠰᠢᠩᠭᠡᠭᠡᠬᠦ ᠡᠷᠴᠢᠮ ᠢᠶᠠᠨ ᠴᠢᠩᠭᠠᠷᠠᠭᠤᠯᠤᠨ ᠂ 2023 ᠣᠨ ᠤ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠰᠢᠨ᠎ᠡ    ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠡᠯᠡ ᠮᠥᠩᠭᠦ ᠪᠠᠨ ᠨᠥᠬᠦᠨ ᠣᠯᠭᠤᠵᠤ ᠳᠠᠭᠤᠰᠬᠠᠬᠤ ᠶᠢ ᠦᠨᠡᠨ ᠬᠦ ᠪᠠᠲᠤᠯᠠᠵᠤ ᠂ 7 ᠳ᠋ᠤᠭᠠᠷ ᠰᠠᠷ᠎ᠠ ᠠᠴᠠ ᠬᠤᠶᠢᠰᠢ    ᠰᠢᠨ᠎ᠡ ᠪᠠᠷᠢᠮᠵᠢᠶ᠎ᠠ ᠪᠠᠷ ᠣᠯᠭᠤᠬᠤ ᠬᠡᠷᠡᠭᠲᠡᠢ ᠃            

ᠳᠠᠭᠠᠯᠳᠤᠭᠤᠯᠤᠯ ᠄ 1.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ  ᠲᠣᠳᠣᠷᠬᠠᠶᠢᠯᠠᠯ ᠤᠨ ᠬᠦᠰᠦᠨᠦᠭᠲᠦ        

2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ    ᠪᠠᠷᠢᠮᠵᠢᠶᠠᠨ ᠤ ᠲᠣᠳᠣᠷᠬᠠᠶᠢᠯᠠᠯ ᠤᠨ ᠬᠦᠰᠦᠨᠦᠭᠲᠦ          

3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠵᠤ ᠰᠤᠪᠢᠯᠠᠬᠤ ᠪᠠᠷᠢᠮᠵᠢᠶᠠᠨ ᠤ ᠲᠣᠳᠣᠷᠬᠠᠶᠢᠯᠠᠯ ᠤᠨ ᠬᠦᠰᠦᠨᠦᠭᠲᠦ                                                                                           

                                                    2023 ᠣᠨ ᠤ 4 ᠳ᠋ᠦ᠋ᠭᠡᠷ ᠰᠠᠷ᠎ᠠ ᠶᠢᠨ 29  ᠤ ᠡᠳᠦᠷ        

 ︵ᠲᠤᠰ ᠪᠢᠴᠢᠭ ᠮᠠᠲ᠋ᠧ‌ᠷᠢᠶᠠᠯ ᠢ ᠢᠯᠡ ᠨᠡᠶᠢᠲᠡᠯᠡᠨ᠎ᠡ ︶                    


 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 


   :                    
   :           
备案序号:蒙ICP备05003250号 公安备案15010502000173