ᠵᠤᠬᠢᠶᠠᠭᠴᠢ: ᠴᠠᠭ:2023-12-29 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ

 

︵2023 ᠣᠨ ᠤ 12  ᠰᠠᠷ᠎ᠠ ᠶᠢᠨ 26 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠠᠴᠠ ᠪᠠᠲᠤᠯᠠᠪᠠ︶

ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ 2023 ᠣᠨ ᠤ 12  ᠰᠠᠷ᠎ᠠ ᠶᠢᠨ 25 ᠠᠴᠠ 26 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠪᠠ᠃

ᠪᠦᠭᠦᠳᠡ ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ 75 ᠬᠥᠮᠥᠨ᠂ ᠣᠷᠣᠯᠠᠭᠴᠢ ᠭᠡᠰᠢᠭᠦᠨ 15 ᠬᠥᠮᠥᠨ ᠣᠷᠣᠯᠴᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠭᠤᠣᠯ ᠰᠡᠳᠦᠪᠲᠦ ᠬᠥᠮᠦᠵᠢᠯ ᠤᠨ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠳᠤᠭᠤᠶᠢᠯᠠᠩ ᠤᠨ ᠳᠡᠳ᠋ ᠳᠠᠷᠤᠭ᠎ᠠ ᠵᠠᠩ ᠵᠢᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃

ᠪᠦᠭᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠰ ᠲᠤᠰ ᠶᠠᠷᠢᠶ᠎ᠠ ᠲᠠᠯᠪᠢᠪᠠ᠃

12  ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠠᠩᠬᠠᠳᠤᠭᠠᠷ ᠪᠦᠭᠦᠳᠡ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠠᠵᠢᠯ ᠤᠨ ᠮᠡᠳᠡᠭᠦᠯᠦᠯᠲᠡ ᠬᠢᠬᠦ ᠶᠢᠨ ᠬᠠᠮᠲᠤ 《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ  ᠲᠤᠬᠠᠢ ᠠᠷᠭ᠎ᠠ ᠬᠡᠮᠵᠢᠶ᠎ᠡ ᠨᠦᠭᠦᠳ》 ᠢ ᠨᠣᠣᠷᠠᠭᠯᠠᠭᠰᠠᠨ ᠪᠠᠶᠢᠳᠠᠯ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃

ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠂ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠠᠵᠢᠯ ᠢᠶᠠᠨ ᠪᠠᠶᠢᠷᠢᠯᠠᠭᠤᠯᠵᠤ᠂ 《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ  ᠲᠤᠬᠠᠢ ᠠᠷᠭ᠎ᠠ ᠬᠡᠮᠵᠢᠶ᠎ᠡ ᠨᠦᠭᠦᠳ》 ᠢ ᠬᠢᠨᠠᠨ ᠵᠥᠪᠯᠡᠵᠦ ᠪᠠᠲᠤᠯᠠᠪᠠ᠃ ᠰᠦᠨ ᠱᠤᠤ ᠴᠧᠩ 《ᠠᠷᠭ᠎ᠠ ᠬᠡᠮᠵᠢᠶ᠎ᠡ ᠨᠦᠭᠦᠳ︵ᠶᠠᠷᠢᠯᠴᠠᠬᠤ ᠨᠣᠣᠷᠠᠭ︶》 ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃

ᠪᠦᠭᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠡᠨᠡ ᠵᠢᠯ ᠶᠡᠷᠦᠩᠬᠡᠢ ᠱᠦᠵᠢ ᠰᠢ ᠶᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠢᠷᠡᠵᠦ ᠰᠢᠨᠵᠢᠯᠡᠨ ᠪᠠᠶᠢᠴᠠᠭᠠᠭᠰᠠᠨ ᠨᠢ ᠥᠪᠥᠷ ᠮᠣᠩᠭᠤᠯ ᠳᠤ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠣᠭᠢᠶᠠᠯ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠡᠯᠢᠶᠡᠳ ᠰᠠᠶᠢᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠵᠤ᠂ ᠬᠤᠶᠠᠷ ᠶᠡᠭᠡ ᠶᠠᠪᠤᠳᠠᠯ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠠᠬᠢᠵᠤ᠂ ᠪᠦᠭᠦ ᠣᠷᠣᠨ ᠤ ᠨᠠᠮ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠣᠯᠣᠭᠰᠠᠨ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃

ᠪᠦᠭᠦᠳᠡ ᠬᠤᠷᠠᠯ ᠠᠴᠠ᠂ ᠨᠢᠭᠡ ᠵᠢᠯ ᠤᠨ ᠲᠤᠷᠰᠢᠬᠢ ᠦᠢᠯᠡᠳᠦᠯᠭᠡ ᠭᠡᠷᠡᠴᠢᠯᠡᠭᠰᠡᠨ ᠨᠢ ᠥᠪᠥᠷ ᠮᠣᠩᠭᠤᠯ ᠤᠨ ᠶᠠᠪᠤᠳᠠᠯ ᠢ ᠰᠠᠶᠢᠲᠤᠷ ᠬᠢᠬᠦ ᠳᠤ ᠡᠷᠬᠡᠪᠰᠢ᠄ 《ᠬᠤᠶᠠᠷ ᠢ ᠲᠣᠭᠲᠠᠭᠠᠭᠰᠠᠨ》 ᠢ ᠦᠨᠡᠨᠴᠢ ᠰᠢᠳᠤᠷᠭᠤ ᠪᠠᠷ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠭᠡᠷᠡᠭᠲᠡᠶ︔ ᠬᠥᠭᠡᠭᠡᠵᠦ ᠭᠦᠢᠴᠡᠨ ᠳᠠᠪᠠᠵᠤ ᠭᠠᠷᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠬᠥᠭᠵᠢᠯᠲᠡ ᠶᠢ ᠶᠡᠭᠡ ᠪᠠᠷ ᠠᠳᠬᠤᠨ᠂ ᠬᠥᠭᠵᠢᠯᠲᠡ ᠪᠠᠨ ᠲᠦᠷᠭᠡᠳᠬᠡᠬᠦ ᠭᠡᠷᠡᠭᠳᠠᠢ︔ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠡ ᠲᠠᠨᠢᠯᠲᠠ ᠪᠠᠨ ᠰᠢᠨᠡᠳᠬᠡᠵᠦ᠂ 《ᠳᠣᠯᠤᠭ᠎ᠠ ᠶᠢ ᠲᠠᠶᠠᠭᠳᠠᠬᠤ》 ᠶᠢ ᠡᠷᠡᠰ ᠪᠡᠶᠡᠯᠡᠭᠦᠯᠬᠦ ᠭᠡᠷᠡᠭᠲᠡᠶ︔  ᠲᠣᠭᠲᠠᠴᠠ ᠶᠢᠨ ᠰᠢᠨ᠎ᠡ ᠶᠢ ᠡᠭᠦᠳᠬᠦ ᠶᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠭᠡᠷᠡᠭᠲᠡᠢ︔ ᠦᠷ᠎ᠡ ᠪᠦᠲᠦᠭᠡᠯ ᠤᠨ ᠤᠬᠠᠮᠰᠠᠷ᠂ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠶᠠᠪᠤᠳᠠᠯ ᠪᠦᠭᠦᠨ ᠳᠤ ᠲᠦᠷᠭᠡᠨ ᠦᠷ᠎ᠡ ᠳ᠋ᠦᠩ ᠭᠠᠷᠭᠠᠵᠤ᠂ ᠰᠠᠶᠢᠨ ᠦᠷ᠎ᠡ ᠪᠦᠲᠦᠭᠡᠯ ᠭᠠᠷᠭᠠᠬᠤ ᠭᠡᠷᠡᠭᠲᠡᠶ︔ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠡᠷᠴᠢ ᠵᠣᠷᠢᠭ᠂ ᠴᠤᠴᠠᠯᠲᠠ ᠦᠭᠡᠢ ᠤᠷᠤᠭᠰᠢᠯᠠᠬᠤ ᠣᠮᠤᠭ ᠵᠣᠷᠢᠭ᠂ ᠵᠣᠷᠢᠭᠰᠠᠨ ᠳᠠᠭᠠᠨ ᠬᠦᠷᠬᠦ ᠦᠭᠡᠢ ᠪᠣᠯ ᠵᠣᠬᠰᠣᠬᠤ ᠦᠭᠡᠢ ᠬᠠᠲᠠᠭᠤ ᠵᠣᠷᠢᠭ ᠢᠶᠠᠷ ᠪᠣᠭᠤᠮᠲᠠ ᠰᠢᠪᠲᠤᠯᠵᠤ ᠰᠠᠭᠠᠳ  ᠭᠡᠷᠡᠭᠳᠠᠢ︔ ᠤᠳᠤᠷᠢᠳᠤᠯᠭ᠎ᠠ ᠳᠠᠶᠢᠴᠢᠯᠠᠬᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ 《ᠥᠪᠡᠷ ᠤᠨ ᠬᠢᠭᠰᠡᠨ ᠬᠤᠷᠠᠯ ᠢᠶᠠᠨ ᠥᠪᠡᠷ ᠢᠶᠠᠨ ᠂ ᠥᠪᠡᠷ ᠤᠨ ᠬᠢᠭᠰᠡᠨ ᠴᠣᠬᠤᠯᠠᠪᠤᠷᠢ ᠪᠠᠨ ᠥᠪᠡᠷ ᠢᠶᠠᠨ ᠨᠠᠶᠢᠳᠠᠪᠤᠷᠢᠵᠢᠭᠤᠯᠵᠤ᠂ ᠥᠪᠡᠷ ᠤᠨ ᠲᠣᠭᠲᠠᠭᠠᠭᠰᠠᠨ ᠲᠦᠷᠦ ᠶᠢᠨ ᠪᠣᠳᠣᠯᠭ᠎ᠠ ᠪᠠᠨ ᠥᠪᠡᠷ ᠢᠶᠠᠨ ᠪᠡᠶᠡᠯᠡᠭᠦᠯᠵᠦ᠂ ᠥᠪᠡᠷ ᠤᠨ ᠬᠢᠭᠰᠡᠨ ᠪᠠᠶᠢᠴᠠᠭᠠᠨ ᠰᠤᠳᠤᠯᠤᠯᠲᠠ ᠪᠠᠨ ᠥᠪᠡᠷ ᠢᠶᠠᠨ ᠠᠬᠢᠭᠤᠯᠬᠤ》 ᠶᠢ ᠪᠡᠶᠡᠯᠡᠭᠦᠯᠬᠦ ᠭᠡᠷᠡᠭᠳᠠᠢ︔ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠦᠵᠡᠪᠡ᠃

ᠪᠦᠭᠦᠳᠡ ᠬᠤᠷᠠᠯ ᠠᠴᠠ᠂ ᠳᠠᠷᠠᠭ᠎ᠠ ᠵᠢᠯ ᠤᠨ ᠪᠦᠭᠦ ᠣᠷᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠩᠭᠤᠢ ᠪᠠᠷ ᠡᠷᠡᠯᠬᠡᠭᠯᠡᠨ ᠴᠢᠷᠮᠠᠶᠢᠵᠤ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠨᠡᠩ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃

ᠪᠦᠭᠦᠳᠡ ᠬᠤᠷᠠᠯ ᠠᠴᠠ᠂ ᠡᠨᠡ ᠵᠢᠯ ᠤᠨ 6  ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ᠭᠡᠵᠦ ᠠᠩᠬ᠎ᠠ ᠤᠳᠠᠭ᠎ᠠ ᠳᠤᠷᠠᠳᠴᠠᠢ᠂ ᠪᠦᠭᠦ ᠣᠷᠣᠨ ᠤ ᠡᠯ᠎ᠡ ᠱᠠᠲᠤᠨ ᠤ ᠬᠢᠨ ᠡᠨᠡ ᠬᠦ ᠴᠢᠬᠤᠯᠠ ᠶᠡᠭᠡ ᠨᠤᠲᠠᠯᠠᠯᠲᠠ ᠶᠢ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠭᠡᠷ︶ ᠳᠤ ᠡᠯ᠎ᠡ ᠵᠦᠢᠯ ᠤᠨ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ  ᠶᠢ ᠬᠠᠷᠢᠭᠤᠴᠠᠬᠤ ᠲᠤᠰᠢᠶᠠᠯ ᠬᠠᠷᠢᠭᠤᠴᠠᠯᠭ᠎ᠠ ᠣᠯᠭᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠤ ᠦᠨᠳᠦᠰᠦᠲᠡᠨ ᠤ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ  ᠶᠢ ᠬᠠᠷᠢᠭᠤᠴᠠᠬᠤ ᠲᠤᠰᠢᠶᠠᠯ ᠬᠠᠷᠢᠭᠤᠴᠠᠯᠭ᠎ᠠ ᠣᠯᠭᠤᠵᠠᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠣᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ  ᠱᠠᠭᠠᠷᠳᠠᠯᠭ᠎ᠠ ᠲᠠᠢ ᠨᠡᠶᠢᠴᠡᠬᠦ ᠦᠭᠡᠢ ᠪᠠᠶᠢᠭ᠎ᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠢᠨ᠎ᠡ ᠪᠠᠷ ᠲᠣᠭᠲᠠᠭᠠᠭᠰᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠷᠢᠳᠴᠢᠯᠠᠨ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ  ᠶᠢ ᠡᠯ᠎ᠡ ᠰᠠᠯᠠᠭ᠎ᠠ ᠮᠥᠴᠢᠷ ᠨᠢᠭᠡᠴᠢ ᠶᠢᠨ《ᠭᠤᠷᠪᠠ ᠶᠢ ᠲᠣᠭᠲᠠᠭᠠᠬᠤ》ᠲᠣᠭᠲᠠᠭᠠᠯ ᠳᠤ ᠣᠷᠣᠭᠤᠯᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠠᠵᠤ ᠠᠬᠤᠶᠢᠯᠠᠯ ᠤᠨ ᠳᠦᠷᠢᠮ ᠲᠣᠭᠲᠠᠭᠠᠯ ᠪᠠ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠬᠤᠳᠠ ᠶᠢᠨ ᠠᠷᠠᠳ ᠤᠨ ᠭᠡᠷ᠎ᠡ ᠳᠤ ᠪᠢᠴᠢᠵᠦ ᠣᠷᠣᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠵᠤ᠂ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠠ ᠡᠳᠦᠷ ᠳᠤᠳᠤᠮ ᠤᠨ ᠳᠠᠳᠬᠠᠯ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃

ᠪᠦᠭᠦᠳᠡ ᠬᠤᠷᠠᠯ ᠠᠴᠠ᠂《ᠲᠠᠪᠤᠨ ᠶᠡᠭᠡ ᠡᠭᠦᠷᠭᠡ》 ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠡᠭᠦᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠢᠯᠠᠩᠭᠤᠶ᠎ᠠ ᠪᠦᠭᠦ ᠣᠷᠣᠨ ᠤ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠦᠢᠯᠡᠳᠦᠯ ᠪᠦᠬᠦᠢ 《ᠵᠢᠷᠭᠤᠭᠠᠨ ᠢᠨᠵᠧᠨᠧᠷᠢᠩ》 ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠨᠢᠭᠡ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠃ ᠲᠥᠪ ᠠᠴᠠ ᠣᠯᠭᠤᠭᠰᠠᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠵᠦᠢᠯ ᠵᠤᠷᠪᠤᠰ ᠳᠠᠷᠠᠭᠠᠯᠠᠨ ᠰᠤᠳᠤᠯᠵᠤ᠂ ᠵᠣᠯᠭᠠᠭᠤᠯᠤᠨ ᠵᠣᠬᠢᠴᠠᠭᠤᠯᠬᠤ᠂ ᠲᠥᠷᠥᠯ ᠵᠦᠢᠯ ᠨᠥᠭᠡᠴᠡᠯᠡᠬᠦ ᠠᠵᠢᠯ ᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠢᠵᠦ᠂ ᠤᠴᠢᠷ ᠶᠠᠪᠤᠳᠠᠯ ᠨᠢᠭᠡ ᠪᠦᠷᠢ ᠶᠢ ᠴᠥᠮ ᠪᠣᠳᠠᠲᠠᠢ ᠪᠠᠷᠢᠯᠭ᠎ᠠ ᠶᠢᠨ ᠲᠥᠷᠥᠯ ᠵᠦᠢᠯ ᠪᠣᠯᠭᠠᠨ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠬᠤ ᠶᠢ ᠰᠠᠶᠢᠲᠤᠷ ᠠᠳᠬᠤᠨ᠂ ᠲᠥᠷᠥ ᠶᠢᠨ ᠪᠣᠳᠣᠯᠭ᠎ᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠃ 《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ  ᠲᠣᠭᠲᠠᠴᠠ ᠶᠢᠨ ᠰᠢᠨ᠎ᠡ ᠶᠢ ᠡᠭᠦᠳᠴᠦ᠂ ᠨᠡᠶᠢᠭᠡᠮ ᠤᠨ ᠬᠦᠴᠦᠨ ᠤ ᠣᠷᠤᠯᠴᠠᠬᠤ ᠢᠳᠡᠪᠬᠢᠵᠢᠯ ᠢ ᠭᠦᠢᠴᠡᠳ ᠬᠥᠭᠵᠢᠭᠡᠵᠦ᠂ ᠡᠨᠡ ᠬᠦ ᠤᠯᠠᠨ ᠲᠠᠯ᠎ᠠ ᠶᠢᠨ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠳᠤᠯᠠᠭᠠᠯᠠᠬᠤ ᠢᠨᠵᠧᠨᠧᠷᠢᠩ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠯᠠᠭᠠᠯᠭ᠎ᠠ ᠬᠠᠩᠭᠠᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠶᠢ ᠴᠢᠬᠤᠯᠠ ᠶᠠᠪᠤᠳᠠᠯ ᠪᠤᠯᠭᠠᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂  ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠣᠶᠤᠨᠴᠢ ᠳᠤᠯᠠᠭᠠᠯᠭ᠎ᠠ ᠬᠠᠩᠭᠠᠬᠤ ᠳᠤᠯᠠᠭᠠᠯᠠᠬᠤ ᠵᠠᠭᠪᠤᠷ ᠢ ᠰᠦᠪᠡᠭᠴᠢᠯᠡᠨ᠂ ᠳᠤᠯᠠᠭᠠᠯᠭ᠎ᠠ ᠶᠢ ᠭᠦᠢᠴᠡᠳ ᠰᠠᠶᠢᠨ ᠬᠠᠩᠭᠠᠬᠤ ᠠᠵᠢᠯ ᠢ ᠡᠷᠡᠰ ᠰᠠᠶᠢᠲᠤᠷ ᠬᠢᠵᠦ᠂ ᠠᠷᠠᠳ ᠤᠯᠠᠨ ᠢ ᠶᠠᠭᠠᠬᠢᠭᠰᠠᠨ ᠴᠤ ᠳᠠᠭᠠᠷᠠᠭᠤᠯᠵᠤ ᠪᠤᠯᠬᠤ ᠦᠭᠡᠢ᠃ ᠣᠳᠣᠬᠠᠨ ᠤ ᠳᠤᠯᠠᠭᠠᠯᠠᠭ᠎ᠠ ᠶᠢᠨ ᠳᠤᠮᠳᠠᠬᠢ ᠲᠣᠪᠣᠶᠢᠮ᠎ᠠ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠦᠭᠦ ᠬᠦᠴᠦᠨ ᠢᠶᠠᠷ ᠢᠶᠠᠨ ᠰᠢᠢᠳᠪᠦᠷᠢᠯᠡᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠦᠯᠬᠦ ᠪᠤᠶᠤ ᠲᠡᠭᠦᠨ ᠠᠴᠠ ᠳᠠᠪᠠᠭᠤᠯᠬᠤ ᠶᠢ ᠠᠬᠢᠭᠤᠯᠬᠤ ᠶᠠᠪᠤᠳᠠᠯ ᠢ ᠢᠷᠡᠬᠦ ᠵᠢᠯ ᠤᠨ ᠠᠷᠠᠳ ᠤᠨ ᠠᠮᠢᠳᠤᠷᠠᠯ ᠤᠨ ᠠᠵᠢᠯ ᠤᠨ ᠬᠠᠲᠠᠭᠤ ᠡᠭᠦᠷᠭᠡ ᠪᠤᠯᠭᠠᠵᠤ᠂ ᠤᠯᠤᠰ ᠤᠨ ᠲᠣᠭᠲᠠᠭᠠᠯ ᠠᠴᠠ ᠳᠣᠣᠷ᠎ᠠ ᠪᠠᠶᠢᠬᠤ ᠶᠢ ᠨᠢ ᠳᠡᠭᠡᠭᠰᠢᠯᠡᠭᠦᠯᠵᠦ᠂ ᠲᠣᠭᠲᠠᠭᠠᠯ ᠳᠤ ᠭᠦᠷᠦᠭᠰᠡᠨ ᠪᠤᠶᠤ ᠳᠠᠪᠠᠭᠰᠠᠨ ᠢ ᠨᠢ ᠲᠣᠭᠲᠠᠭᠤᠨ ᠠᠶᠠᠨᠳᠠᠭᠠᠨ ᠨᠡᠮᠡᠭᠳᠡᠬᠦ ᠲᠣᠭᠲᠠᠴᠠ ᠪᠣᠯᠭᠠᠨ ᠪᠠᠶᠢᠭᠤᠯᠬᠤ ᠬᠡᠷᠡᠭᠲᠡᠢ᠃ ᠳᠥᠷᠪᠡ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠃ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠮᠠᠯᠠᠯᠲᠠ ᠪᠠᠨ ᠪᠠᠲᠤ ᠰᠠᠬᠢᠬᠤ᠂ 《ᠰᠢᠨ᠎ᠡ ᠨᠣᠶᠠᠨ ᠬᠠᠭᠤᠴᠢᠨ ᠳᠠᠩᠰᠠ ᠶᠢ ᠬᠠᠮᠢᠶᠠᠷᠬᠤ》᠂ ᠬᠡᠯᠡᠭᠰᠡᠨ ᠢᠶᠠᠨ ᠢᠳᠡᠵᠦ ᠭᠡᠭᠡᠷᠡᠭᠰᠡᠨ ᠢᠶᠠᠨ ᠵᠠᠯᠭᠢᠬᠤ ᠦᠭᠡᠢ ᠪᠠᠶᠢᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠪᠥᠷ ᠮᠣᠩᠭᠤᠯ ᠤᠨ ᠬᠥᠮᠥᠨ ᠤ ᠦᠨᠡᠨᠴᠢ ᠢᠲᠡᠭᠡᠮᠵᠢ ᠶᠢ ᠡᠷᠭᠢᠮᠯᠡᠭᠦ᠂ ᠦᠨᠡᠨᠴᠢ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠦᠨᠡᠨ ᠬᠦ ᠪᠤᠢ ᠪᠤᠯᠭᠠᠬᠤ ᠬᠡᠷᠡᠭᠲᠡᠢ᠃ ᠲᠠᠪᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》 ᠢᠨᠵᠧᠨᠧᠷᠢᠩ᠃ ᠬᠠᠭᠤᠴᠢᠨ ᠠᠷᠭ᠎ᠠ ᠪᠠᠷᠢᠯ ᠠᠴᠠ ᠪᠠᠨ ᠰᠠᠯᠵᠤ᠂ ᠬᠠᠷᠠᠮ ᠦᠭᠡᠢ ᠪᠠᠷ ᠪᠡᠯᠡ ᠬᠥᠷᠥᠩᠭᠡ ᠣᠷᠣᠭᠤᠯᠵᠤ᠂ ᠪᠦᠭᠦ ᠤᠯᠤᠰ ᠴᠢᠨᠠᠭᠰᠢᠯᠠᠪᠠᠯ ᠳᠡᠯᠡᠬᠡᠢ ᠶᠢᠨ ᠲᠡᠷᠢᠭᠦᠨ ᠵᠡᠷᠭᠡ ᠶᠢᠨ ᠲᠤᠰᠬᠠᠢ ᠮᠡᠷᠭᠡᠵᠢᠯᠲᠡᠨ ᠪᠤᠶᠤ ᠰᠢᠨ᠎ᠡ ᠶᠢ ᠡᠭᠦᠳᠬᠦ ᠪᠦᠯᠭᠦᠮ ᠨᠡᠶᠢᠲᠡ ᠶᠢ ᠣᠷᠣᠭᠤᠯᠤᠨ ᠠᠪᠴᠢᠷᠠᠵᠤ ᠰᠤᠳᠤᠯᠤᠨ ᠨᠡᠭᠡᠭᠡᠵᠦ᠂ ᠰᠢᠨ᠎ᠡ ᠠᠵᠤ ᠦᠢᠯᠡᠰ ᠰᠢᠨ᠎ᠡ ᠤᠷᠤᠯᠳᠤᠭᠠᠨ ᠤ ᠵᠠᠮ ᠢ ᠶᠡᠭᠡ ᠪᠠᠷ ᠪᠣᠶᠢᠵᠢᠭᠤᠯᠵᠤ᠂ ᠨᠢᠭᠡ ᠬᠤᠶᠠᠷ ᠲᠠᠯ᠎ᠠ ᠪᠠᠷ ᠠᠯᠢ ᠲᠦᠷᠭᠡᠨ ᠢᠶᠠᠷ ᠰᠢᠪᠲᠤᠯᠤᠯᠲᠠ ᠭᠠᠷᠭᠠᠵᠤ᠂ 《ᠡᠬᠢᠯᠡᠵᠦ ᠭᠦᠶᠦᠮᠡᠭᠴᠡ ᠲᠦᠷᠦᠭᠦᠯᠡᠬᠦ》ᠬᠡᠷᠡᠭᠲᠡᠢ᠃ ᠵᠢᠷᠭᠤᠭ᠎ᠠ ᠳᠤ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠃ ᠶᠡᠷᠦᠩᠬᠡᠢ ᠲᠥᠰᠥᠯ ᠢ ᠱᠠᠯᠠᠪᠳᠠᠨ ᠨᠠᠶᠢᠷᠠᠭᠤᠯᠤᠨ ᠵᠣᠬᠢᠶᠠᠵᠤ᠂ ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠠᠬᠢᠭᠤᠯᠵᠤ᠂ ᠳᠠᠷᠤᠶᠢᠬᠠᠨ ᠪᠣᠳᠠᠲᠤ ᠠᠬᠢᠴᠠ ᠲᠠᠢ ᠪᠤᠯᠭᠠᠬᠤ ᠪᠠᠷ ᠴᠢᠷᠮᠠᠶᠢᠬᠤ ᠬᠡᠷᠡᠭᠲᠡᠢ᠃ ᠡᠭᠦᠳᠬᠦ ᠪᠠᠷ ᠪᠠᠶᠢᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠬᠢᠬᠦ ᠲᠠᠪᠴᠠᠩ ᠤᠨ ᠲᠡᠰ ᠢ ᠳᠡᠭᠡᠭᠰᠢᠯᠡᠭᠦᠯᠭᠦ᠂ ᠳᠣᠲᠣᠷ᠎ᠠ ᠭᠠᠵᠠᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

ᠪᠦᠭᠦᠳᠡ ᠬᠤᠷᠠᠯ ᠠᠴᠠ᠂ ᠲᠠᠷᠠᠭ᠎ᠠ ᠵᠢᠯ ᠤᠨ ᠠᠵᠤ ᠠᠬᠤᠢ ᠶᠢᠨ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠭᠦ ᠲᠠᠯ᠎ᠠ ᠪᠠᠷ ᠂ ᠠᠯᠢ ᠰᠠᠶᠢᠨ ᠠᠯᠢ ᠲᠦᠷᠭᠡᠨ ᠪᠠᠶᠢᠬᠤ ᠶᠢ ᠪᠠᠷᠢᠮᠲᠠᠯᠠᠵᠤ᠂ ᠴᠢᠷᠮᠠᠶᠢᠨ ᠳᠡᠰ ᠳᠡᠪᠰᠢᠭᠦᠯᠬᠦ ᠬᠡᠷᠡᠭᠲᠡᠢ᠃ ᠳᠣᠯᠣᠭᠠᠨ ᠲᠠᠯ᠎ᠠ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠷᠢᠯᠢᠭ ᠣᠨᠣᠪᠴᠢᠲᠠᠶ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠭᠦ ᠬᠦᠴᠦᠨ ᠢᠶᠠᠷ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠨᠡᠩ ᠶᠡᠭᠡ ᠡᠷᠴᠢᠮ ᠢᠶᠠᠷ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠭᠤᠷᠪᠠ ᠳᠤ  ᠬᠡᠷᠡᠭᠯᠡᠭᠡᠨ ᠤ ᠳᠠᠯᠳᠠ ᠬᠦᠴᠦᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠤᠶᠠᠷ ᠲᠠᠯ᠎ᠠ ᠪᠠᠷ ᠠᠳᠬᠤᠵᠤ᠂ ᠨᠠᠰᠤᠵᠢᠯ ᠤᠨ ᠠᠰᠠᠷᠠᠮᠵᠢ᠂ ᠡᠮᠴᠢᠯᠡᠭᠡ᠂ ᠰᠢᠨ᠎ᠡ ᠡᠨᠧᠷᠭᠢ ᠶᠢᠨ ᠠᠵᠢᠯᠯᠠᠭᠠᠨ ᠤ ᠬᠠᠮᠠᠭᠠᠯᠠᠯᠲᠠ᠂ ᠡᠳ᠋ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠬᠤᠯᠪᠣᠭᠳᠠᠯ ᠪᠦᠬᠦᠢ ᠬᠦᠷᠢᠶᠡᠨ ᠳᠠᠬᠢ ᠪᠡᠯᠡ ᠣᠷᠣᠭᠤᠯᠤᠯᠲᠠ ᠶᠢ ᠳᠠᠶᠢᠴᠢᠯᠠᠵᠤ ᠴᠢᠳᠠᠬᠤ ᠮᠥᠷᠲᠡᠭᠡᠨ ᠪᠠᠰᠠ ᠳᠠᠯᠳᠠ ᠬᠡᠷᠡᠭᠴᠡᠭᠡ ᠶᠢ ᠬᠥᠭᠵᠢᠭᠡᠵᠦ ᠴᠢᠳᠠᠬᠤ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠃ ᠳᠥᠷᠪᠡ ᠳᠤ᠂ ᠠᠵᠤ ᠦᠢᠯᠡᠰ ᠤᠨ ᠲᠠᠰ ᠳᠡᠪᠰᠢᠬᠦ ᠶᠢ ᠪᠦᠭᠦ ᠬᠦᠴᠦᠨ ᠢᠶᠠᠷ ᠢᠶᠠᠨ ᠠᠳᠬᠤᠵᠤ᠂ ᠮᠠᠯ ᠠᠵᠤ ᠠᠬᠤᠢ ᠲᠠᠷᠢᠶᠠᠯᠠᠩ ᠢ ᠬᠡᠪᠴᠢᠶᠡᠵᠢᠭᠦᠯᠦᠨ ᠠᠵᠤ ᠦᠢᠯᠡᠰᠵᠢᠭᠦᠯᠦᠨ ᠲᠥᠷᠥᠯ ᠲᠡᠮᠳᠡᠭᠵᠢᠭᠦᠯᠦᠨ ᠬᠥᠭᠵᠢᠭᠦᠯᠵᠦ᠂ ᠤᠯᠠᠮᠵᠢᠯᠠᠯᠲᠤ ᠡᠨᠧᠷᠭᠢ ᠨᠢ ᠬᠠᠩᠭᠠᠯᠭ᠎ᠠ ᠶᠢ ᠪᠠᠲᠤᠯᠠᠬᠤ ᠪᠠᠷ ᠪᠠᠷᠠᠬᠤ ᠦᠭᠡᠢ ᠨᠠᠩ ᠴᠤ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ᠂ ᠥᠨᠳᠥᠷ ᠳᠠᠭᠠᠭᠠᠴᠠᠳᠤ ᠡᠨᠧᠷᠭᠢ ᠶᠢᠨ ᠠᠵᠤ ᠦᠢᠯᠡᠰ ᠨᠢ ᠪᠣᠬᠢᠷᠳᠤᠯ ᠦᠭᠡᠢ ᠴᠠᠭᠢᠯᠭᠠᠨ ᠤ ᠬᠠᠩᠭᠠᠯᠭ᠎ᠠ ᠪᠣᠯᠣᠨ ᠲᠣᠭᠠᠴᠢᠯᠠᠯᠳᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠶᠢᠨ ᠨᠡᠭᠡᠭᠡᠨ ᠬᠥᠭᠵᠢᠭᠦᠯᠵᠦ᠂ ᠦᠢᠯᠡᠳᠬᠦ᠂ ᠴᠠᠭᠢᠯᠭᠠᠨ ᠲᠣᠣᠷ᠂ ᠰᠢᠩᠭᠡᠬᠡᠨ ᠠᠪᠬᠤ ᠶᠢ ᠵᠡᠷᠭᠡ ᠪᠠᠷ ᠠᠳᠬᠤᠬᠤ ᠬᠡᠷᠡᠭᠲᠡᠢ᠃ ᠲᠠᠪᠤ ᠳᠤ  ᠥᠭᠡᠷᠡᠴᠢᠯᠡᠯᠲᠡ ᠨᠡᠭᠡᠭᠡᠯᠲᠡ ᠶᠢ ᠪᠦᠭᠦ ᠬᠦᠴᠦᠨ ᠢᠶᠠᠷ ᠢᠶᠠᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠤᠮᠠᠬᠢ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃ ᠵᠢᠷᠭᠤᠭ᠎ᠠ ᠳᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠦᠭᠦ ᠬᠦᠴᠦᠨ ᠢᠶᠠᠷ ᠠᠬᠢᠭᠤᠯᠵᠤ᠂   《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ᠂ ᠪᠣᠬᠢᠷᠳᠤᠯ ᠢ ᠰᠡᠷᠭᠡᠶᠢᠯᠡᠨ ᠵᠠᠰᠠᠬᠤ᠂ ᠠᠷᠪᠢᠯᠠᠨ ᠭᠠᠮᠨᠠᠬᠤ ᠡᠷᠴᠢᠮᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠲᠤᠯᠤᠭ᠎ᠠ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠭᠦ ᠬᠦᠴᠦᠨ ᠢᠶᠠᠷ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠤᠨᠤᠪᠴᠢᠲᠠᠢ ᠰᠠᠬᠢᠵᠤ᠂ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

ᠪᠦᠭᠦᠳᠡ ᠬᠤᠷᠠᠯ ᠠᠴᠠ᠂ ᠲᠠᠷᠠᠭ᠎ᠠ ᠵᠢᠯ ᠤᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠺᠠᠳ᠋ᠷ ᠲᠤ ᠪᠠᠶᠢᠨ᠎ᠠ᠂ ᠦᠨᠳᠦᠰᠦ ᠨᠢ ᠨᠠᠶᠢᠳᠠᠪᠤᠷᠢᠵᠢᠭᠤᠯᠬᠤ ᠳᠤ ᠲᠦᠰᠢᠭᠯᠡᠨ᠎ᠡ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠢᠲᠡᠭᠡᠯ ᠵᠣᠷᠢᠭ ᠢᠶᠠᠨ ᠂ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠭᠦᠨᠳᠦᠳᠭᠡᠵᠦ᠂ ᠠᠵᠢᠯᠴᠢ ᠠᠷᠪᠢᠴᠢ ᠪᠠᠷ ᠠᠵᠤ ᠲᠦᠷᠦᠭᠦ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠰᠠᠬᠢᠵᠤ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠰᠠᠶᠢᠲᠤᠷ ᠬᠢᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠵᠣᠷᠢᠭᠲᠠᠢ ᠬᠢᠵᠦ ᠴᠢᠳᠠᠮᠠᠭᠠᠢ ᠠᠵᠢᠯᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠬᠤᠯᠠ ᠱᠠᠭᠠᠷᠳᠠᠯᠭ᠎ᠠ ᠶᠣᠰᠣᠭᠠᠷ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠱᠠᠯᠠᠪᠳᠠᠨ ᠠᠳᠬᠤᠵᠤ ᠲᠦᠷᠭᠡᠨ ᠬᠢᠵᠦ᠂ ᠦᠨᠡᠨ ᠬᠦ ᠠᠳᠬᠤᠨ ᠪᠣᠳᠠᠲᠠᠢ ᠬᠢᠵᠦ᠂ ᠵᠣᠷᠢᠭᠲᠠᠢ ᠰᠡᠳᠬᠢᠨ ᠴᠢᠳᠠᠮᠠᠭᠠᠢ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠪᠦᠭᠦᠳᠡ ᠬᠤᠷᠠᠯ ᠠᠴᠠ᠂ ᠣᠳᠣᠬᠠᠨ ᠳᠤ ᠶᠠᠭ ᠰᠠᠶᠢᠬᠠᠨ ᠣᠨ ᠤ ᠰᠡᠭᠦᠯᠴᠢ ᠵᠢᠯ ᠤᠨ ᠡᠬᠢ ᠪᠣᠯᠵᠤ ᠪᠤᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ᠂ ᠪᠠᠴᠢᠮ ᠪᠠᠶᠢᠳᠠᠯ ᠢ  ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ᠂ ᠲᠠᠷᠢᠶᠠᠴᠢᠨ   ᠴᠠᠯᠢᠩ ᠢ ᠥᠭᠬᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ  ᠶᠢᠨ ᠲᠠᠮᠢᠷ ᠤᠨ ᠴᠤᠭᠯᠠᠭᠠᠨ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

ᠪᠦᠭᠦᠳᠡ ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠨᠠᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠴᠤᠴᠠᠯᠲᠠ ᠦᠭᠡᠢ ᠤᠷᠤᠭᠰᠢᠯᠠᠨ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠤᠷᠢᠶᠠᠯᠠᠪᠠ᠃


 

 


   :                    
   :           
备案序号:蒙ICP备05003250号 公安备案15010502000173