ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ
ᠣᠶᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠬᠠᠢ ᠠᠷᠭ᠎ᠠ ᠬᠡᠮᠵᠢᠶ᠎ᠡ ᠨᠦᠭᠦᠳ》 ᠢ ᠳᠠᠷᠤᠮᠠᠯᠯᠠᠨ ᠲᠠᠷᠬᠠᠭᠠᠪᠠ ᠭᠤᠣᠯ ᠠᠭᠤᠯᠭ᠎ᠠ ᠨᠢ ᠳᠣᠣᠷᠠᠬᠢ ᠮᠡᠲᠦ᠄
ᠶᠡᠷᠦᠩᠬᠡᠢ ᠱᠦᠵᠢ ᠰᠢ ᠶᠢᠨ ᠫᠢᠩ ᠤᠨ 《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ》ᠭᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ ᠂ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠳᠤᠷᠠᠳᠪᠠ ᠃
1. ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠠᠯᠪᠠᠨ ᠭᠡᠷ ︶ ᠳᠤ ᠡᠯ᠎ᠡ ᠵᠦᠢᠯ ᠤᠨ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠰᠢᠶᠠᠯ ᠬᠠᠷᠢᠭᠤᠴᠠᠯᠭ᠎ᠠ ᠣᠯᠭᠤᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠂ ᠬᠢᠨᠠᠨ ᠬᠠᠷᠭᠤᠭᠤᠯᠵᠤ ᠪᠣᠭᠤᠮᠲᠠ ᠰᠠᠬᠢᠵᠤ ᠂ ᠰᠢᠢᠳᠪᠦᠷᠢᠲᠦ ᠪᠣᠳᠣᠯᠭ᠎ᠠ ᠶᠢ ᠰᠤᠳᠤᠯᠵᠤ ᠂ ᠱᠠᠯᠠᠪᠳᠠᠭᠤᠯᠤᠨ ᠨᠠᠶᠢᠳᠠᠪᠤᠷᠢᠵᠢᠭᠤᠯᠵᠤ ᠂ ᠵᠢᠯ ᠤᠨ ᠡᠬᠢᠨ ᠳᠤ ᠲᠣᠬᠢᠷᠠᠭᠤᠯᠤᠯᠲᠠ ᠬᠢᠵᠦ ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠂ ᠵᠢᠯ ᠤᠨ ᠡᠴᠦᠰ ᠲᠤ ᠪᠠᠶᠢᠴᠠᠭᠠᠯᠲᠠ ᠬᠢᠨ᠎ᠡ ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠰᠢᠶᠠᠯ ᠬᠠᠷᠢᠭᠤᠴᠠᠯᠭ᠎ᠠ ᠣᠯᠭᠤᠵᠤ ᠂ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠰᠠᠶᠢᠲᠤᠷ ᠬᠢᠨ᠎ᠡ ᠃
2. ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠶᠢ《ᠭᠤᠷᠪᠠ ᠶᠢ ᠲᠣᠭᠲᠠᠭᠠᠬᠤ》ᠲᠣᠭᠲᠠᠭᠠᠯ ᠳᠤ ᠪᠢᠴᠢᠨ ᠣᠷᠣᠭᠤᠯᠵᠤ ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠲᠤᠰᠬᠠᠶᠢᠯᠠᠨ ᠬᠢᠬᠦ ᠪᠠᠶᠢᠭᠤᠯᠤᠮᠵᠢ ᠶᠢ ᠲᠣᠳᠣᠷᠬᠠᠶᠢᠯᠠᠵᠤ ᠂ ᠣᠨ ᠤ ᠠᠵᠢᠯ ᠤᠨ ᠲᠥᠯᠥᠪᠯᠡᠭᠡ ᠪᠠ ᠭᠤᠣᠯᠳᠠᠯᠭ᠎ᠠ ᠳᠤ ᠣᠷᠣᠭᠤᠯᠵᠤ ᠂ ᠡᠳᠦᠷ ᠲᠤᠳᠤᠮ ᠤᠨ ᠠᠵᠢᠯ ᠳᠠᠭᠠᠨ ᠠᠭᠤᠰᠬᠠᠵᠤ ᠂ ᠪᠠᠶᠢᠩᠭᠤ ᠠᠳᠬᠤᠬᠤ ᠬᠡᠷᠡᠭᠲᠡᠢ ᠃ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠠᠵᠢᠯ ᠤᠨ ᠳᠦᠷᠢᠮ ᠵᠢᠴᠢ ᠲᠡᠭᠦᠨ ᠤ ᠪᠠᠶᠢᠩᠭᠤ ᠶᠢᠨ ᠲᠣᠬᠢᠷᠠᠭᠤᠯᠤᠭᠰᠠᠨ ᠬᠡᠷᠡᠭ ᠡᠷᠭᠢᠯᠡᠭᠦ ᠪᠠᠶᠢᠭᠤᠯᠤᠮᠵᠢ ᠶᠢᠨ ᠠᠵᠢᠯ ᠤᠨ ᠨᠠᠷᠢᠨ ᠳᠦᠷᠢᠮ ᠳᠤ ᠪᠢᠴᠢᠵᠦ ᠣᠷᠣᠭᠤᠯᠬᠤ ᠬᠡᠷᠡᠭᠲᠡᠢ ᠃ ᠡᠯ᠎ᠡ ᠪᠦᠯᠭᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠬᠢᠨ ᠬᠠᠷᠢᠯᠴᠠᠵᠤ ᠪᠠᠶᠢᠭ᠎ᠠ ᠣᠯᠠᠨ ᠲᠦᠮᠡᠨ ᠳᠡᠭᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠬᠥᠮᠥᠵᠢᠭᠦᠯᠵᠦ ᠬᠥᠲᠥᠯᠥᠨ ᠵᠢᠯᠤᠭᠤᠳᠬᠤ ᠲᠤᠰᠢᠶᠠᠯ ᠬᠠᠷᠢᠭᠤᠴᠠᠯᠭ᠎ᠠ ᠪᠠᠨ ᠴᠢᠩᠭᠠᠳᠬᠠᠵᠤ ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠠᠵᠢᠯ ᠲᠥᠷᠥᠯ ᠤᠨ ᠳᠦᠷᠢᠮ ᠲᠣᠭᠲᠠᠭᠠᠯ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠂ ᠬᠤᠲᠠ ᠶᠢᠨ ᠠᠷᠠᠳ ᠤᠨ ᠨᠡᠶᠢᠲᠡ ᠶᠢᠨ ᠭᠡᠷ᠎ᠡ ᠳᠤ ᠪᠢᠴᠢᠵᠦ ᠣᠷᠣᠭᠤᠯᠬᠤ ᠶᠢ ᠠᠬᠢᠭᠤᠯᠵᠤ ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠳᠤ ᠠᠭᠤᠰᠤᠯᠴᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠵᠤ ᠂ ᠠᠵᠢᠯᠯᠠᠭᠠᠨ ᠤ ᠪᠠᠷᠢᠮᠵᠢᠶ᠎ᠠ ᠪᠠ ᠡᠳᠦᠷ ᠲᠤᠲᠤᠮ ᠤᠨ ᠳᠠᠳᠬᠠᠯ ᠪᠤᠯᠭᠠᠬᠤ ᠬᠡᠷᠡᠭᠲᠡᠢ ᠃
3. ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠨᠠᠮ ᠤᠨ ᠭᠡᠰᠢᠭᠦᠨ ᠺᠠᠳ᠋ᠷ ᠤᠨ ᠰᠤᠷᠤᠯᠴᠠᠬᠤ ᠲᠥᠯᠥᠪᠯᠡᠭᠡ ᠪᠠ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠵᠢᠯ ᠪᠦᠷᠢ ᠨᠠᠭᠠᠲᠤ ᠵᠠᠬ᠎ᠠ ᠨᠢ ᠨᠢᠭᠡ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠵᠦ ᠰᠤᠳᠤᠯᠤᠨ ᠶᠠᠷᠢᠯᠴᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠯ ᠪᠦᠷᠢ ᠨᠠᠭᠠᠲᠤ ᠵᠠᠬ᠎ᠠ ᠨᠢ ᠨᠢᠭᠡ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠨ ᠰᠣᠯᠢᠯᠴᠠᠬᠤ ᠶᠢ ᠵᠣᠬᠢᠶᠠᠨ ᠪᠠᠶᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠰᠤᠷᠭᠠᠭᠤᠯᠢ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠢᠴᠢᠶᠡᠯ ᠵᠢᠴᠢ ᠪᠣᠯᠪᠠᠰᠤᠷᠠᠯ ᠤᠨ ᠠᠭᠤᠯᠭ᠎ᠠ ᠶᠢᠨ ᠬᠤᠪᠢ ᠶᠢᠨ ᠵᠢᠩ ᠢ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠶᠡᠷᠦᠩᠬᠡᠢ ᠬᠢᠴᠢᠶᠡᠯ ᠤᠨ ᠴᠠᠭ ᠤᠨ 20% ᠠᠴᠠ ᠳᠣᠣᠷ᠎ᠠ ᠪᠠᠶᠢᠯᠭᠠᠵᠤ ᠪᠤᠯᠬᠤ ᠦᠭᠡᠢ ᠃
4. ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠨᠠᠮ ᠤᠨ ᠬᠢᠴᠢᠶᠡᠯ ᠣᠷᠣᠬᠤ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠣᠬᠤ ᠳᠦᠷᠢᠮ ᠢ ᠲᠡᠭᠦᠯᠳᠡᠷᠵᠢᠭᠦᠯᠦᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠪᠠᠶᠢᠭᠤᠯᠤᠯᠲᠠ ᠶᠢ ᠴᠢᠩᠭᠠᠳᠬᠠᠵᠤ᠂《ᠭᠤᠷᠪᠠᠨ ᠰᠠᠯᠵᠤ ᠴᠢᠳᠠᠬᠤ ᠦᠭᠡᠢ》《ᠲᠦᠷᠪᠡᠨ ᠬᠠᠮᠲᠤ ᠪᠠᠷ》《ᠲᠦᠷᠪᠡᠨ ᠬᠠᠮᠲᠤᠳᠬᠠᠬᠤ》《ᠲᠠᠪᠤᠨ ᠬᠠᠮᠲᠤ ᠶᠢᠨ ᠲᠠᠨᠢᠯᠲᠠ》《ᠲᠠᠪᠤᠨ ᠦᠵᠡᠯᠲᠡ》ᠪᠠ 《ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ》ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢᠨ ᠲᠤᠬᠠᠢ ᠦᠷᠭᠦᠯᠵᠢᠯᠡᠨ ᠭᠦᠨᠵᠡᠭᠡᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ ᠃
5. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠷᠠᠳ ᠲᠦᠮᠡᠨ ᠢ ᠬᠠᠯᠠᠮᠵᠢᠯᠠᠵᠤ ᠪᠠᠶᠢᠬᠤ ᠶᠢ ᠤᠬᠠᠭᠤᠯᠬᠤ ᠂ ᠨᠠᠮ ᠤᠨ ᠡᠨᠡᠷᠢᠯ ᠬᠠᠶᠢᠷ᠎ᠠ ᠶᠢ ᠤᠬᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠪᠠ 《ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ》ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ 《ᠵᠢᠷᠭᠤᠭᠠᠨ ᠥᠭᠦᠯᠡᠪᠦᠷᠢ ᠳᠠᠬᠢ ᠪᠣᠳᠠᠲᠤ ᠶᠠᠪᠤᠳᠠᠯ ᠪᠠ ᠶᠣᠰᠣ ᠤᠴᠢᠷ》 ᠢ ᠪᠠᠲᠤ ᠴᠡᠭᠡᠵᠢᠯᠡᠭᠦᠯᠵᠦ ᠂ ᠨᠠᠩ ᠡᠷᠡᠰ ᠪᠠᠲᠤ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠢ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠬᠤ ᠬᠡᠷᠡᠭᠲᠡᠢ ᠃
6. ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠲᠣᠭᠤᠷᠢᠭ ᠬᠤᠲᠠ ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠢ ᠪᠦᠭᠦ ᠲᠠᠯ᠎ᠠ ᠪᠠᠷ ᠡᠮᠬᠢᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠪᠠᠶᠢᠪᠠᠯ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠤᠯᠭᠠᠬᠤ ᠬᠡᠷᠡᠭᠲᠡᠢ ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠳᠠᠭᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠤᠷᠢᠳ ᠢᠶᠠᠷ ᠬᠢᠨᠠᠨ ᠬᠠᠷᠭᠤᠭᠤᠯᠬᠤ ᠨᠥᠬᠦᠴᠡᠯ ᠪᠤᠯᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠷᠴᠣᠨ ᠤ ᠥᠪᠡᠷᠲᠡᠭᠡᠨ ᠵᠠᠰᠠᠬᠤ ᠬᠤᠰᠢᠭᠤ ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢᠨ ᠥᠪᠡᠷᠲᠡᠭᠡᠨ ᠵᠠᠰᠠᠬᠤ ᠳᠦᠷᠢᠮ ᠳᠤ ᠵᠠᠰᠠᠪᠤᠷᠢ ᠣᠷᠣᠭᠤᠯᠬᠤ ᠠᠵᠢᠯ ᠢ ᠵᠢᠭᠠᠨ ᠵᠢᠯᠤᠭᠤᠳᠬᠤ ᠬᠡᠷᠡᠭᠲᠡᠢ ᠃
7. ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠪᠦᠭᠦ ᠲᠠᠯ᠎ᠠ ᠪᠠᠷ ᠡᠮᠬᠢᠯᠡᠨ ᠳᠢᠭᠯᠡᠵᠦ ᠂ ᠳᠥᠷᠪᠡᠨ ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠡᠮᠬᠢᠯᠡᠬᠦ ᠠᠵᠢᠯ ᠢ ᠥᠷᠨᠢᠭᠦᠯᠦᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠰᠢᠨᠵᠢᠯᠡᠬᠦ ᠤᠬᠠᠭᠠᠨᠴᠢ ᠯᠠᠪᠳᠠᠭᠤᠨ ᠪᠣᠯᠭᠤᠮᠵᠢᠲᠠᠢ ᠪᠠᠷ ᠬᠢᠨᠠᠨ ᠪᠠᠶᠢᠴᠠᠭᠠᠵᠤ ᠂ ᠵᠣᠬᠢᠴᠠᠭᠤᠯᠤᠨ ᠂ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠳᠤ ᠵᠠᠰᠠᠪᠤᠷᠢ ᠣᠷᠣᠭᠤᠯᠬᠤ ᠬᠡᠷᠡᠭᠲᠡᠢ ᠃
8. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠤᠷᠢᠳ ᠢᠶᠠᠷ ᠬᠢᠨᠠᠨ ᠬᠠᠷᠭᠤᠭᠤᠯᠬᠤ ᠂ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠤᠯᠭᠠᠬᠤ ᠬᠡᠷᠡᠭᠲᠡᠢ ᠃
9. ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ︵ᠠᠯᠪᠠᠨ ᠭᠡᠷ︶ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠂ ᠪᠤᠶ ᠪᠦᠬᠦᠢ ᠥᠭᠡᠷᠡᠴᠢᠯᠡᠯᠲᠡ ᠬᠥᠭᠵᠢᠯᠲᠡ ᠳᠤ 《ᠭᠤᠷᠪᠠᠨ ᠠᠴᠢ ᠬᠤᠯᠪᠣᠭᠳᠠᠯ》 ᠢ ᠣᠯᠭᠤᠵᠤ ᠬᠢᠨᠠᠨ ᠬᠠᠷᠭᠤᠭᠤᠯᠬᠤ ᠂ ᠦᠨᠡᠯᠡᠬᠦ ᠂ ᠢᠯᠭᠠᠷᠠᠭᠤᠯᠬᠤ ᠲᠣᠭᠲᠠᠴᠠ ᠶᠢ ᠪᠠᠶᠢᠭᠤᠯᠵᠤ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠡᠮᠬᠢᠯᠡᠨ ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠡᠷᠡᠭᠲᠡᠢ ᠃
10. ᠡᠯ᠎ᠡ ᠱᠠᠲᠤᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠵᠥᠪᠯᠡᠯ ᠂ ᠬᠤᠲᠠ ᠶᠢᠨ ᠲᠥᠯᠦᠪᠵᠢᠭᠦᠯᠭᠡ ᠶᠢᠨ ᠵᠥᠪᠯᠡᠯ ︵ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠵᠥᠪᠯᠡᠯ︶ᠠᠳᠠᠯᠢ ᠱᠠᠲᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠢ ᠪᠦᠷᠢᠯᠳᠦᠭᠦᠨ ᠨᠢᠭᠡᠴᠢ ᠪᠣᠯᠭᠠᠨ ᠨᠡᠮᠡᠭᠳᠡᠭᠦᠯᠵᠦ ᠂ ᠡᠯ᠎ᠡ ᠲᠥᠷᠥᠯ ᠤᠨ ᠲᠥᠯᠦᠪᠵᠢᠭᠦᠯᠭᠡ ᠪᠠ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠶᠢ ᠬᠢᠨᠠᠨ ᠬᠠᠷᠭᠤᠭᠤᠯᠵᠤ ᠪᠣᠭᠤᠮᠲᠠ ᠶᠢ ᠰᠠᠬᠢᠬᠤ ᠶᠢ ᠴᠢᠩᠭᠠᠳᠬᠠᠬᠤ ᠬᠡᠷᠡᠭᠲᠡᠢ ᠃
11. ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠭᠤᠣᠯᠳᠠᠯᠭ᠎ᠠ ᠲᠠᠢ ᠡᠭᠦᠷᠭᠡ ᠶᠢᠨ ᠡᠳ᠋ ᠤᠨ ᠵᠠᠰᠠᠭ ᠤᠨ ᠪᠠᠲᠤᠯᠠᠭ᠎ᠠ ᠶᠢ ᠴᠢᠩᠭᠠᠳᠬᠠᠵᠤ ᠂ ᠴᠢᠬᠤᠯᠠ ᠶᠡᠭᠡ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ ᠃
12. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠬᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ ᠤ ᠪᠠᠶᠢᠭᠤᠯᠤᠯᠲᠠ ᠶᠢ ᠠᠬᠢᠭᠤᠯᠵᠤ ᠂ 《ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ ·ᠥᠪᠥᠷ ᠮᠣᠩᠭᠤᠯ ᠤᠨ ᠪᠣᠳᠢ 》 ᠶᠢ ᠨᠠᠶᠢᠷᠠᠭᠤᠯᠬᠤ ᠠᠵᠢᠯ ᠢ ᠰᠠᠶᠢᠲᠤᠷ ᠠᠳᠬᠤᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ ︵2023 — 2027 ᠣᠨ︶ ᠢ ᠰᠠᠶᠢᠲᠤᠷ ᠬᠡᠷᠡᠭᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠂ ᠳᠡᠭᠡᠳᠦ ᠲᠡᠰ ᠤᠨ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠣᠨ ᠤ ᠬᠥᠬᠡ ᠭᠠᠳᠠᠷᠲᠤ ᠪᠢᠴᠢᠭ ᠢ ᠨᠠᠶᠢᠷᠠᠭᠤᠯᠤᠨ ᠪᠢᠴᠢᠬᠦ ᠬᠡᠷᠡᠭᠲᠡᠢ ᠃
13. ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢᠨ 《ᠵᠠᠭᠤ ᠮᠢᠩᠭ᠎ᠠ ᠲᠦᠮᠡ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ》ᠢᠨᠵᠧᠨᠧᠷᠢᠩ ᠢ ᠲᠦᠷᠦᠭᠦᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠦᠨᠳᠦᠰᠦᠨ ᠴᠢᠭᠯᠡᠯ ᠪᠣᠯᠭᠠᠨ ᠠᠭᠤᠯᠤᠭᠳᠠᠬᠤᠨ ᠢᠶᠠᠨ ᠭᠦᠨᠵᠡᠭᠡᠶᠢᠷᠡᠭᠦᠯᠦᠨ ᠂ ᠭᠡᠯᠪᠡᠷᠢ ᠪᠠᠨ ᠪᠠᠶᠠᠯᠢᠭᠵᠢᠭᠤᠯᠵᠤ ᠂ ᠠᠷᠭ᠎ᠠ ᠪᠠᠷᠢᠯ ᠤᠨ ᠰᠢᠨ᠎ᠡ ᠶᠢ ᠡᠭᠦᠳᠦᠨ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠡᠮᠵᠢᠬᠦ ᠶᠢ ᠠᠬᠢᠭᠤᠯᠵᠤ ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠳᠡᠰ ᠳᠡᠪᠰᠢᠭᠦᠯᠬᠦ ᠬᠡᠪ ᠵᠠᠭᠪᠤᠷ ᠢ ᠪᠤᠶ ᠪᠤᠯᠭᠠᠬᠤ ᠬᠡᠷᠡᠭᠲᠡᠢ ᠃ ᠬᠢᠩᠭᠠᠨ ᠠᠶᠢᠮᠠᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠶᠢ ᠵᠢᠯᠣᠭᠤᠳᠤᠨ ᠳᠡᠮᠵᠢᠬᠦ ᠬᠡᠷᠡᠭᠲᠡᠢ ᠃
14. ᠥᠪᠡᠷᠲᠡᠭᠡᠨ ᠵᠠᠰᠠᠬᠤ ᠣᠷᠣᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠭᠦ ᠬᠦᠴᠦᠨ ᠢᠶᠠᠷ ᠢᠶᠠᠨ ᠡᠭᠦᠳᠴᠦ ᠂ ᠰᠤᠳᠤᠯᠤᠨ ᠲᠠᠶᠢᠯᠪᠤᠷᠢᠯᠠᠬᠤ ᠂ ᠤᠯᠠᠮᠵᠢᠯᠠᠨ ᠳᠡᠯᠭᠡᠷᠡᠭᠦᠯᠬᠦ ᠂ ᠵᠣᠬᠢᠶᠠᠨ ᠪᠦᠲᠦᠭᠡᠵᠦ ᠦᠢᠯᠡᠳᠪᠦᠷᠢᠯᠡᠬᠦ ᠂ ᠲᠤᠯᠭᠠᠭᠤᠷᠢᠯᠠᠨ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ ᠂ 《ᠳᠤᠮᠳᠠᠳᠤ ᠤᠯᠤᠰ· ᠤᠮᠠᠷᠠᠲᠤ ᠬᠢᠯᠢ ᠶᠢᠨ ᠰᠣᠶᠣᠯ ᠤᠨ ᠨᠠᠶᠢᠷ》 ᠢ ᠪᠡᠯᠡᠳᠬᠡᠨ ᠡᠷᠭᠢᠯᠡᠭᠦ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠂ ᠤᠮᠠᠷᠠᠲᠤ ᠬᠢᠯᠢ ᠶᠢᠨ ᠰᠣᠶᠣᠯ ᠤᠨ ᠣᠨᠴᠠ ᠰᠢᠨᠵᠢ ᠴᠢᠨᠠᠷ ᠪᠦᠬᠦᠢ ᠨᠠᠩ ᠣᠯᠠᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠪᠤᠶ ᠪᠤᠯᠭᠠᠬᠤ ᠶᠢ ᠠᠬᠢᠭᠤᠯᠬᠤ ᠶᠢᠨ ᠬᠠᠮᠲᠤ ᠂ ᠲᠡᠭᠦᠨ ᠢ ᠣᠯᠠᠨ ᠨᠡᠶᠢᠲᠡ ᠶᠢᠨ ᠰᠣᠶᠣᠯ ᠤᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠬᠤᠲᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠭᠡ ᠵᠡᠷᠭᠡ ᠲᠠᠯ᠎ᠠ ᠳᠤ ᠠᠭᠤᠰᠬᠠᠨ ᠣᠷᠣᠭᠤᠯᠬᠤ ᠬᠡᠷᠡᠭᠲᠡᠢ ᠃
15. ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠳᠤᠷᠠᠰᠬᠠᠯ ᠤᠨ ᠣᠷᠳᠣᠨ ᠂ ᠦᠵᠡᠰᠭᠦᠯᠡᠩ ᠤᠨ ᠣᠷᠳᠣᠨ ᠂ ᠮᠦᠽᠧᠢ︵ᠬᠦᠷᠢᠶᠡᠯᠡᠩ︶ ᠶᠢᠨ ᠳᠡᠯᠭᠡᠨ ᠦᠵᠡᠭᠦᠯᠭᠦ ᠠᠭᠤᠯᠭ᠎ᠠ ᠶᠢᠨ ᠰᠤᠳᠤᠯᠤᠯ ᠪᠠ ᠬᠢᠨᠠᠨ ᠬᠠᠷᠭᠤᠭᠤᠯᠵᠤ ᠪᠣᠭᠤᠮᠲᠠ ᠶᠢ ᠰᠠᠬᠢᠬᠤ ᠪᠠᠨ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠠᠭᠤᠯᠭ᠎ᠠ ᠶᠢ ᠭᠦᠨᠵᠡᠭᠡᠢ ᠢᠯᠭᠠᠷᠠᠭᠤᠯᠤᠨ ᠴᠡᠪᠡᠷᠯᠡᠵᠦ ᠂ ᠨᠠᠮ ᠠᠴᠠ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠪᠦᠯᠬᠦᠮᠳᠡᠨ ᠡᠷᠡᠯᠬᠡᠭᠯᠡᠨ ᠤᠷᠤᠭᠰᠢᠯᠠᠭᠰᠠᠨ ᠪᠠ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠤᠨ ᠳᠡᠯᠭᠡᠨ ᠦᠵᠡᠭᠦᠯᠭᠡ ᠶᠢ ᠲᠥᠪᠯᠡᠷᠡᠭᠦᠯᠦᠨ ᠨᠡᠶᠢᠲᠡᠯᠡᠬᠦ ᠬᠡᠷᠡᠭᠲᠡᠢ ᠃ ᠴᠥᠭᠡᠨ ᠲᠣᠭᠠᠲᠤ ᠦᠨᠳᠦᠰᠦᠲᠡᠨ ᠤ ᠦᠭᠡ ᠭᠡᠯᠡ ᠦᠰᠦᠭ ᠪᠢᠴᠢᠭ ᠤᠨ ᠣᠷᠴᠢᠭᠤᠯᠭ᠎ᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠬᠡᠷᠡᠭᠲᠡᠢ ᠃ ᠦᠨᠳᠦᠰᠦᠲᠡᠨ ᠤ ᠬᠦᠷᠢᠶᠡᠨ ᠳᠠᠬᠢ ᠬᠡᠪᠯᠡᠭᠳᠡᠬᠦᠨ ᠢ ᠬᠢᠨᠠᠨ ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠬᠠᠮᠢᠶ᠎ᠠ ᠪᠦᠬᠦᠢ ᠶᠠᠷᠢᠶᠠᠨ ᠤ ᠲᠠᠪᠴᠠᠩ ᠂ ᠲᠠᠶᠢᠯᠤᠮᠵᠢ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ ᠂ ᠡᠯ᠎ᠡ ᠲᠥᠷᠥᠯ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠢᠯᠠᠩᠭᠤᠶ᠎ᠠ ᠬᠢᠯᠢ ᠶᠢᠨ ᠭᠠᠳᠠᠨᠠᠬᠢ ᠲᠣᠬᠯᠠᠯᠲᠠ ᠶᠢᠨ ᠪᠦᠯᠭᠦᠮ ᠤᠨ ᠮᠠᠨ ᠤ ᠣᠷᠣᠨ ᠳᠤ ᠢᠷᠡᠵᠦ ᠲᠣᠬᠯᠠᠯᠲᠠ ᠶᠢᠨ ᠠᠵᠢᠯᠯᠠᠭ᠎ᠠ ᠥᠷᠨᠢᠭᠦᠯᠬᠦ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ ᠂ 《ᠠᠰᠠᠭᠤᠳᠠᠯ ᠲᠠᠢ ᠪᠠᠷ ᠬᠡᠪᠯᠡᠭᠦᠯᠬᠦ》ᠪᠠ《ᠠᠰᠠᠭᠤᠳᠠᠯ ᠲᠠᠢ ᠪᠠᠷ ᠲᠠᠶᠢᠰᠠᠨ ᠳᠤ ᠭᠠᠷᠬᠤ》 ᠶᠢ ᠰᠡᠷᠭᠡᠶᠢᠯᠡᠬᠦ ᠬᠡᠷᠡᠭᠲᠡᠢ ᠃
16. ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤ ᠦᠶ᠎ᠡ ᠳᠤ 《ᠠᠳᠠᠯᠢ ᠦᠭᠡ ᠭᠡᠯᠡ ᠦᠰᠦᠭ ᠪᠢᠴᠢᠭ ᠲᠠᠢ ᠪᠠᠶᠢᠯᠭᠠᠬᠤ》ᠲᠥᠯᠥᠪᠯᠡᠭᠡ ᠶᠢ ᠬᠡᠷᠡᠭᠵᠢᠭᠦᠯᠦᠨ ᠂ 《ᠶᠣᠰᠣ ᠰᠤᠷᠲᠠᠬᠤᠨ ᠢᠶᠠᠷ ᠬᠡᠦᠬᠡᠳ ᠬᠥᠮᠥᠵᠢᠭᠦᠯᠬᠦ》ᠬᠢᠴᠢᠶᠡᠯ ᠤᠨ ᠲᠠᠩᠬᠢᠮ ᠢ ᠪᠦᠭᠦ ᠲᠠᠯ᠎ᠠ ᠪᠠᠷ ᠨᠡᠭᠡᠭᠡᠬᠦ ᠭᠡᠷᠡᠭᠲᠡᠶ ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠤ 《ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ》ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠂ 12 ᠬᠢᠴᠢᠶᠡᠯ ᠤᠨ ᠴᠠᠭ ᠠᠴᠠ ᠳᠤᠲᠠᠭᠤ ᠦᠭᠡᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠰᠡᠳᠦᠪᠲᠦ ᠬᠥᠮᠦᠵᠢᠯ ᠢ ᠥᠷᠨᠢᠭᠦᠯᠬᠦ ᠭᠡᠷᠡᠭᠲᠡᠢ ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠤ 《ᠡᠬᠡ ᠤᠯᠤᠰ ᠲᠠᠭᠠᠨ ᠥᠴᠢᠬᠦ ᠮᠢᠨᠤ ᠭᠦᠨ ᠰᠡᠳᠬᠢᠯᠭᠡ ᠶᠢᠨ ᠴᠠᠭᠠᠳᠬᠠᠯ》ᠵᠡᠷᠭᠡ ᠠᠵᠢᠯᠯᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ ᠂ 《ᠳᠤᠮᠳᠠᠳᠤ ᠤᠯᠤᠰ ᠢᠶᠠᠨ ᠬᠠᠶᠢᠷᠠᠯᠠᠬᠤ》ᠵᠤᠰᠠᠯᠠᠩ ᠂ ᠡᠪᠦᠯ ᠤᠨ ᠠᠵᠢᠯᠯᠠᠭ᠎ᠠ ᠵᠡᠷᠭᠡ ᠨᠡᠶᠢᠭᠡᠮ ᠤᠨ ᠦᠢᠯᠡᠳᠦᠯᠭᠡ ᠶᠢ ᠥᠷᠭᠡᠨ ᠢᠶᠠᠷ ᠥᠷᠨᠢᠭᠦᠯᠬᠦ ᠭᠡᠷᠡᠭᠲᠡᠢ ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤ ᠪᠠᠭᠰᠢ ᠰᠤᠷᠤᠬᠴᠢᠳ ᠤᠨ 《ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠤᠷᠢᠶᠠᠩᠭᠤᠢ》ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠰᠠᠶᠢᠲᠤᠷ ᠰᠤᠷᠬᠤ ᠶᠢ ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠶᠢᠨ《ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠨ ᠬᠢᠴᠢᠶᠡᠩᠭᠦᠶᠢᠯᠡᠨ ᠬᠦᠨᠳᠦᠳᠬᠡᠬᠦ》ᠲᠦᠷᠦᠯ ᠵᠦᠢᠯ ᠢ ᠬᠡᠷᠡᠭᠵᠢᠭᠦᠯᠬᠦ ᠬᠡᠷᠡᠭᠲᠡᠢ ᠃
17. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠢᠨᠵᠧᠨᠧᠷᠢᠩ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠡᠵᠡᠮᠰᠢᠬᠦ ᠪᠠ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃
18. ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠣᠨ ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠨᠦᠭᠦᠳ ᠦᠨᠳᠦᠰᠦᠲᠡᠨ ᠤ ᠬᠦᠷᠢᠶᠡᠨ ᠳᠠᠬᠢ ᠲᠦᠭᠰᠢᠭᠦᠷᠢ ᠶᠢᠨ ᠳᠠᠯᠳᠠ ᠭᠡᠮ ᠢ ᠨᠢᠭᠲᠠ ᠠᠩᠬᠠᠷᠤᠨ ᠂ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠲᠦᠭᠰᠢᠭᠦᠷᠢ ᠶᠢᠨ ᠭᠡᠮ ᠰᠣᠭᠤᠭ ᠢ ᠡᠷᠲᠡᠬᠡᠨ ᠰᠡᠷᠭᠡᠶᠢᠯᠡᠬᠦ ᠂ ᠣᠨᠣᠪᠴᠢᠲᠠᠶ ᠪᠠᠷ ᠢᠯᠡᠷᠡᠭᠦᠯᠬᠦ ᠂ ᠵᠥᠪᠳᠡᠯᠴᠡᠨ ᠰᠤᠳᠤᠯᠤᠨ ᠮᠠᠭᠠᠳᠯᠠᠬᠤ ᠂ ᠴᠠᠭ ᠲᠤᠬᠠᠢ ᠳᠤᠨᠢ ᠰᠢᠢᠳᠪᠦᠷᠢᠯᠡᠬᠦ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠵᠦ ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ ᠂ ᠡᠪᠳᠡᠯᠡᠭᠡ ᠬᠢᠬᠦ ᠂ ᠨᠤᠷᠠᠭᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠃ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠶᠣᠰᠣᠭᠠᠷ ᠨᠢ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ ᠃
19. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢᠨ《ᠪᠦᠷᠢᠨ ᠴᠢᠳᠠᠮᠵᠢᠲᠤ ᠺᠠᠷᠲ》 ᠢᠶᠠᠷ ᠰᠢᠭᠤᠳ ᠬᠦᠷᠬᠦ ᠲᠣᠭᠲᠠᠴᠠ ᠶᠢ ᠲᠡᠭᠦᠯᠳᠡᠷᠵᠢᠭᠦᠯᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠰᠢᠭ ᠲᠤᠰᠠ ᠬᠠᠮᠢᠭ᠎ᠠ ᠠᠴᠠ ᠢᠷᠡᠭᠰᠡᠨ ᠂ ᠠᠰᠢᠭ ᠲᠤᠰᠠ ᠬᠠᠮᠢᠭ᠎ᠠ ᠪᠠᠶᠢᠬᠤ ᠂ ᠠᠰᠢᠭ ᠲᠤᠰᠠ ᠬᠡᠳᠦᠢ ᠪᠠᠶᠢᠬᠤ ᠶᠢ ᠮᠡᠳᠡᠭᠦᠯᠵᠦ ᠂ ᠦᠨᠡᠨ ᠰᠡᠳᠬᠢᠯ ᠠᠴᠠ ᠪᠠᠨ ᠡᠪ ᠬᠠᠮᠲᠤ ᠨᠠᠮ ᠰᠠᠶᠢᠨ ᠪᠠᠶᠢᠬᠤ ᠂ ᠡᠬᠡ ᠤᠯᠤᠰ ᠰᠠᠶᠢᠨ ᠪᠠᠶᠢᠬᠤ ᠶᠢ ᠣᠶᠢᠯᠠᠭᠠᠭᠤᠯᠬᠤ ᠬᠡᠷᠡᠭᠲᠡᠢ ᠃ ᠡᠬᠢ ᠪᠠᠶᠠᠯᠢᠭ ᠤᠨ ᠨᠡᠭᠡᠭᠡᠯᠲᠡ ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠦᠨᠡᠯᠡᠬᠦ ᠪᠠ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠵᠦ ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠣᠷᠣᠨ ᠤ ᠰᠠᠭᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠡᠵᠡᠨ ᠬᠥᠮᠥᠨ ᠤ ᠦᠵᠡᠯ ᠤᠬᠠᠮᠰᠠᠷ ᠢ ᠨᠢ ᠨᠡᠮᠡᠭᠳᠡᠭᠦᠯᠵᠦ ᠂ ᠬᠠᠮᠲᠤ ᠪᠠᠷ ᠲᠡᠮᠡᠴᠡᠬᠦ ᠶᠠᠪᠤᠴᠠ ᠳᠤ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠭᠤᠯᠬᠤ ᠬᠡᠷᠡᠭᠲᠡᠢ ᠃
20. ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠬᠢᠯᠢ ᠬᠢᠵᠠᠭᠠᠷ ᠣᠷᠣᠨ ᠢ ᠮᠠᠨᠳᠤᠭᠤᠯᠤᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠭᠤᠣᠯ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠦᠨᠵᠡᠭᠡᠢ ᠥᠷᠨᠢᠭᠦᠯᠵᠦ ᠂ ᠬᠢᠯᠢ ᠳᠠᠭᠠᠤ ᠭᠠᠵᠠᠷ ᠣᠷᠣᠨ ᠤ ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠬᠢᠯᠢ ᠳᠠᠭᠠᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠵᠦ ᠂ ᠬᠢᠯᠢ ᠬᠢᠵᠠᠭᠠᠷ ᠣᠷᠣᠨ ᠤ ᠵᠠᠬ᠎ᠠ ᠶᠢᠨ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ ᠂ ᠬᠢᠯᠢ ᠶᠢᠨ 《ᠳᠥᠷᠪᠡᠨ ᠬᠠᠮᠲᠤ ᠪᠠᠷ》ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠬᠢᠯᠢ ᠬᠢᠵᠠᠭᠠᠷ ᠣᠷᠣᠨ ᠢᠶᠠᠨ ᠰᠠᠬᠢᠨ ᠬᠢᠯᠢ ᠬᠢᠵᠠᠭᠠᠷ ᠣᠷᠣᠨ ᠢᠶᠠᠨ ᠪᠠᠬᠢᠵᠢᠭᠦᠯᠦᠨ ᠬᠢᠯᠢ ᠬᠢᠵᠠᠭᠠᠷ ᠢᠶᠠᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠃
21. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠯᠤᠭ᠎ᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠪᠠᠨ ᠴᠢᠩᠭᠠᠳᠬᠠᠨ ᠂ ᠨᠡᠶᠢᠭᠡᠮ ᠲᠣᠭᠤᠷᠢᠭ ᠲᠤ ᠴᠡᠷᠢᠭ ᠢᠶᠠᠨ ᠬᠦᠷᠢᠶᠡᠯᠡᠬᠦ ᠂ ᠠᠵᠢᠯ ᠲᠥᠷᠥᠯ ᠳᠤ ᠴᠡᠷᠢᠭ ᠢᠶᠠᠨ ᠬᠦᠷᠢᠶᠡᠯᠡᠬᠦ ᠵᠡᠷᠭᠡ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠬᠦ ᠬᠡᠷᠡᠭᠲᠡᠢ ᠃ ᠤᠯᠠᠭᠠᠨᠮᠥ᠋ᠴᠢᠷ ᠤᠨ ᠭᠡᠰᠢᠭᠦᠳ ᠢ ᠦᠨᠳᠦᠰᠦᠨ ᠱᠠᠲᠤᠨ ᠤ ᠭᠤᠣᠯᠯᠠᠬᠤ ᠡᠷᠦᠭᠡ ᠶᠢᠨ ᠴᠡᠷᠢᠭ ᠤᠨ ᠬᠠᠮᠢᠶᠠᠷᠤᠯᠲᠠ ᠳᠤ ᠣᠷᠣᠭᠤᠯᠵᠤ ᠂ ᠵᠢᠯ ᠪᠦᠷᠢ ᠶᠢᠨ ᠪᠣᠯᠪᠠᠰᠤᠷᠠᠯ ᠤᠨ ᠴᠠᠭ ᠢ ᠠᠰᠢᠭᠯᠠᠨ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠲᠣᠬᠤᠨᠢᠭᠤᠯᠬᠤ ᠲᠣᠬᠯᠠᠯᠲᠠ ᠭᠠᠷᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠳᠤ ᠢᠳᠡᠪᠬᠢᠲᠡᠢ ᠣᠷᠤᠯᠴᠠᠬᠤ ᠶᠢ ᠳᠡᠮᠵᠢᠬᠦ ᠬᠡᠷᠡᠭᠲᠡᠢ ᠃
22. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠦᠭᠦ ᠨᠡᠶᠢᠭᠡᠮ ᠳᠤ 《ᠲᠡᠰᠪᠦᠷᠢ ᠬᠠᠲᠠᠭᠤᠵᠢᠯᠲᠠᠢ ᠂ ᠴᠤᠴᠠᠯᠲᠠ ᠦᠭᠡᠢ ᠤᠷᠤᠭᠰᠢᠯᠠᠨ ᠂ ᠵᠣᠷᠢᠭᠰᠠᠨ ᠳᠠᠭᠠᠨ ᠵᠠᠪᠠᠯ ᠬᠦᠷᠬᠦ》ᠮᠣᠩᠭᠤᠯ ᠮᠣᠷᠢᠨ ᠤ ᠵᠣᠷᠢᠭ ᠰᠠᠨᠠᠭ᠎ᠠ ᠪᠠ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠂ ᠭᠤᠶᠠᠴᠢ ᠦᠭᠡᠢ ᠵᠢᠳᠬᠦᠬᠦ ᠂ ᠰᠢᠨᠲᠠᠷᠠᠰᠢ ᠦᠭᠡᠢ ᠴᠢᠷᠮᠠᠶᠢᠬᠤ ᠂ ᠤᠳᠠᠭᠠᠨ ᠳᠠᠭᠠᠭᠠᠮᠠᠭᠠᠢ ᠴᠢᠷᠮᠠᠶᠢᠬᠤ 《ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ 》 ᠶᠢ ᠶᠡᠭᠡ ᠪᠠᠷ ᠪᠠᠳᠠᠷᠠᠭᠤᠯᠵᠤ ᠂ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠠᠶᠢᠭᠤᠯᠤᠨ ᠵᠣᠬᠢᠶᠠᠨ ᠪᠦᠲᠦᠭᠡᠵᠦ ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠤᠶ ᠪᠤᠯᠭᠠᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠬᠠᠳᠠᠨ ᠵᠣᠷᠢᠭ ᠂ ᠡᠷᠴᠢ ᠵᠣᠷᠢᠭ ᠪᠠ ᠰᠥᠰᠥ ᠵᠣᠷᠢᠭ ᠢᠶᠠᠨ ᠢᠮᠠᠭᠲᠠ ᠪᠠᠷᠢᠮᠲᠠᠯᠠᠬᠤ ᠶᠢ ᠵᠣᠷᠢᠭᠵᠢᠭᠤᠯᠬᠤ ᠬᠡᠷᠡᠭᠲᠡᠢ ᠃
23. ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠶᠢ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠠᠵᠢᠯ ᠪᠠ ᠵᠠᠰᠠᠭ ᠤᠨ ᠠᠵᠢᠯ ᠤᠨ ᠬᠢᠷᠢ ᠪᠦᠳᠦᠮᠵᠢ ᠶᠢ ᠬᠢᠨᠠᠨ ᠰᠢᠯᠭᠠᠬᠤ ᠳᠤ ᠣᠷᠣᠭᠤᠯᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠬᠢᠵᠦ ᠦᠨᠡᠯᠡᠨ ᠰᠢᠯᠭᠠᠬᠤ ᠂ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠬᠠᠷᠭᠤᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠪᠤᠯᠭᠠᠬᠤ ᠬᠡᠷᠡᠭᠲᠡᠢ ᠃
24. ᠡᠯ᠎ᠡ ᠱᠠᠲᠤᠨ ᠤ ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠺᠠᠳ᠋ᠷ ᠢ ᠬᠥᠮᠥᠵᠢᠭᠦᠯᠵᠦ ᠬᠠᠮᠢᠶᠠᠷᠤᠨ ᠬᠡᠷᠡᠭᠯᠡᠬᠦ ᠪᠦᠭᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠲᠣᠪᠤᠶᠢᠯᠭᠠᠨ ᠂ ᠤᠯᠤᠰ ᠲᠥᠷᠥ ᠶᠢᠨ ᠬᠡᠪ ᠪᠣᠯᠪᠠᠰᠤᠷᠠᠯ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠨ ᠂ 《ᠳᠥᠷᠪᠡᠨ ᠣᠨᠴᠠᠭᠠᠶ》ᠴᠢᠬᠤᠯᠠ ᠱᠠᠭᠠᠷᠳᠠᠯᠭ᠎ᠠ ᠶᠢ ᠺᠠᠳ᠋ᠷ ᠤᠨ ᠳᠡᠪᠰᠢᠵᠦ ᠪᠠᠭᠤᠵᠤ ᠪᠦᠷ ᠪᠤᠯᠬᠤ ᠂ 《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ》 ᠢ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ ᠪᠤᠯᠭᠠᠬᠤ ᠬᠡᠷᠡᠭᠲᠡᠢ ᠃
25. ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠶᠢ ᠪᠠᠲᠤ ᠴᠢᠩᠭ᠎ᠠ ᠪᠠᠬᠢᠯᠡᠯᠲᠡ 《ᠵᠢᠱᠢᠶᠡᠴᠢ》ᠨᠠᠮ ᠤᠨ ᠡᠭᠦᠷ ᠂ 《ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢᠨ ᠲᠡᠷᠢᠭᠦᠨ ᠤ ᠨᠢᠭᠡᠴᠢ》 ᠶᠢ ᠡᠭᠦᠳᠦᠨ ᠪᠠᠶᠢᠭᠤᠯᠬᠤ ᠠᠵᠢᠯ ᠤᠨ ᠪᠦᠭᠦ ᠶᠠᠪᠤᠴᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ ᠭᠡᠰᠢᠭᠦᠨ ᠡᠯᠰᠡᠬᠦ ᠤᠯᠤᠰ ᠲᠦᠷᠦ ᠶᠢᠨ ᠬᠢᠨᠠᠨ ᠪᠠᠶᠢᠴᠠᠭᠠᠯᠲᠠ ᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ ᠃
26. ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠤᠨᠤᠯ ᠪᠣᠯᠣᠨ ᠦᠢᠯᠡᠳᠦᠯᠭᠡ ᠶᠢᠨ ᠠᠰᠠᠭᠤᠳᠠᠯ ᠤᠨ ᠰᠤᠳᠤᠯᠭᠠᠨ ᠢ ᠴᠢᠩᠭᠠᠳᠬᠠᠵᠤ ᠂ ᠲᠡᠭᠦᠨ ᠢ ᠣᠨ ᠤ ᠪᠠᠶᠢᠴᠠᠭᠠᠨ ᠰᠤᠳᠤᠯᠬᠤ ᠲᠥᠯᠥᠪᠯᠡᠭᠡ ᠳᠤ ᠣᠷᠣᠭᠤᠯᠬᠤ ᠬᠡᠷᠡᠭᠲᠡᠢ ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠪᠠᠶᠢᠴᠠᠭᠠᠨ ᠰᠤᠳᠤᠯᠤᠯᠲᠠ ᠬᠢᠵᠦ ᠂ ᠵᠢᠯ ᠪᠦᠷᠢ ᠨᠠᠭᠠᠲᠤ ᠵᠠᠬ᠎ᠠ ᠨᠢ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ 1 ᠪᠦᠷᠢᠯᠳᠦᠭᠦᠯᠬᠦ ᠬᠡᠷᠡᠭᠲᠡᠢ ᠃
27. ᠡᠯ᠎ᠡ ᠱᠠᠲᠤᠨ ᠤ ᠨᠠᠮ ᠤᠨ ᠲᠥᠯᠥᠭᠡᠯᠡᠭᠴᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠᠬᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠬᠢᠨᠠᠯᠲᠠ ᠲᠠᠯᠪᠢᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ ᠃ ᠡᠯ᠎ᠡ ᠱᠠᠲᠤᠨ ᠤ 《ᠬᠤᠶᠠᠷ ᠲᠥᠯᠥᠭᠡᠯᠡᠭᠴᠢ ᠨᠢᠭᠡ ᠭᠡᠰᠢᠭᠦᠨ》 ᠤ ᠠᠵᠢᠯ ᠤᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠴᠤᠭᠯᠠᠭᠤᠯᠤᠨ ᠡᠮᠬᠢᠯᠡᠬᠦ ᠪᠠ ᠣᠨᠳᠣᠣᠰᠢᠭᠤᠯᠬᠤ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃
28. ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ ᠂ ᠨᠠᠶᠢᠳᠠᠪᠤᠷᠢᠵᠢᠭᠤᠯᠤᠭᠰᠠᠨ ᠢᠶᠠᠷ ᠰᠤᠯᠠ ᠪᠠᠶᠢᠭ᠎ᠠ ᠪᠠᠶᠢᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠪᠠ ᠲᠠᠪᠴᠠᠩ ᠢ ᠰᠠᠶᠢᠲᠤᠷ ᠬᠡᠷᠡᠭᠯᠡᠵᠦ ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠬᠡᠷᠡᠭᠲᠡᠢ ᠃
ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢ
1.《ᠭᠤᠷᠪᠠᠨ ᠰᠠᠯᠵᠤ ᠴᠢᠳᠠᠬᠤ ᠦᠭᠡᠢ》᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ ᠃
2.《ᠳᠥᠷᠪᠡᠨ ᠬᠠᠮᠲᠤ ᠪᠠᠷ》᠄ ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ ᠂ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ ᠂ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠭᠰᠡᠨ ᠶᠤᠮ ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠪᠣᠶᠢᠵᠢᠭᠤᠯᠤᠭᠰᠠᠨ ᠶᠤᠮ ᠃
3.《ᠳᠥᠷᠪᠡᠨ ᠬᠠᠮᠲᠤᠳᠬᠠᠬᠤ》᠄ ᠵᠢᠷᠭᠠᠯ ᠵᠣᠪᠠᠯᠠᠩ ᠢᠶᠠᠨ ᠬᠠᠮᠲᠤᠳᠬᠠᠬᠤ ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ ᠂ ᠦᠬᠦᠵᠦ ᠰᠡᠭᠡᠭᠦ ᠪᠠᠨ ᠬᠠᠮᠲᠤᠳᠬᠠᠬᠤ ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ ᠃
4.《ᠲᠠᠪᠤᠨ ᠬᠠᠮᠲᠤ ᠶᠢᠨ ᠲᠠᠨᠢᠯᠲᠠ》᠄ ᠠᠭᠤᠤ ᠶᠡᠭᠡ ᠡᠬᠡ ᠤᠯᠤᠰ ᠂ ᠳᠤᠮᠳᠠᠳᠤ ᠶᠢᠨ ᠦᠨᠳᠦᠰᠦᠲᠡᠨ ᠂ ᠳᠤᠮᠳᠠᠳᠤ ᠶᠢᠨ ᠰᠣᠶᠣᠯ ᠂ ᠳᠤᠮᠳᠠᠳᠤ ᠤᠯᠤᠰ ᠤᠨ ᠡᠪ ᠬᠠᠮᠲᠤ ᠨᠠᠮ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠲᠠᠨᠢᠯᠲᠠ ᠃
5. 《ᠲᠠᠪᠤᠨ ᠦᠵᠡᠯᠲᠡ》᠄ ᠵᠥᠪ ᠣᠨᠣᠪᠴᠢᠲᠠᠶ ᠤᠯᠤᠰ ᠤᠨ ᠦᠵᠡᠯᠲᠡ ᠂ ᠲᠡᠦᠬᠡ ᠶᠢᠨ ᠦᠵᠡᠯᠲᠡ ᠂ ᠦᠨᠳᠦᠰᠦᠲᠡᠨ ᠤ ᠦᠵᠡᠯᠲᠡ ᠂ ᠰᠣᠶᠣᠯ ᠤᠨ ᠦᠵᠡᠯᠲᠡ ᠂ ᠱᠠᠰᠢᠨ ᠰᠤᠷᠲᠠᠬᠤᠨ ᠤ ᠦᠵᠡᠯᠲᠡ ᠶᠢ ᠪᠤᠶ ᠪᠣᠯᠭᠠᠨ᠎ᠠ ᠃
6. 《ᠳᠣᠯᠣᠭᠠᠨ ᠲᠠᠯ᠎ᠠ ᠪᠠᠷ ᠵᠢᠱᠢᠶᠡᠴᠢ ᠪᠤᠯᠬᠤ》᠄ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠂ ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠤᠯᠬᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ ᠪᠤᠯᠬᠤ ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠤᠯᠬᠤ ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠠᠮᠲᠤ ᠪᠠᠷ ᠪᠠᠶᠠᠵᠢᠭᠤᠯᠬᠤ ᠵᠠᠮ ᠵᠢᠱᠢᠶᠡᠴᠢ ᠪᠤᠯᠬᠤ ᠂ ᠬᠢᠯᠢ ᠬᠢᠵᠠᠭᠠᠷ ᠢ ᠮᠠᠨᠳᠤᠭᠤᠯᠵᠤ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠤᠯᠬᠤ ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠤᠯᠬᠤ ᠃
7. 《ᠵᠢᠷᠭᠤᠭᠠᠨ ᠥᠭᠦᠯᠡᠪᠦᠷᠢ ᠦᠭᠡᠨ ᠳᠠᠬᠢ ᠪᠣᠳᠠᠲᠤ ᠶᠠᠪᠤᠳᠠᠯ ᠪᠠ ᠶᠣᠰᠣ ᠤᠴᠢᠷ》 ᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶ᠎ᠠ ᠶᠢᠨ ᠳᠡᠮᠵᠢᠯᠭᠡ ᠳᠣᠣᠷ᠎ᠠ ᠬᠥᠭᠵᠢᠭᠰᠡᠨ ᠶᠤᠮ ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠤᠢ ᠃
8. ᠪᠤᠶ ᠪᠦᠬᠦᠢ ᠥᠭᠡᠷᠡᠴᠢᠯᠡᠯᠲᠡ ᠬᠥᠭᠵᠢᠯᠲᠡ ᠳᠤ 《ᠭᠤᠷᠪᠠᠨ ᠠᠴᠢ ᠬᠤᠯᠪᠣᠭᠳᠠᠯ》 ᠢ ᠣᠯᠭᠤᠪᠠ᠄ ᠪᠤᠶ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠂ ᠨᠢᠭᠡᠳᠦᠯ ᠢ ᠬᠠᠮᠠᠭᠠᠯᠠᠬᠤ ᠂ ᠬᠠᠭᠠᠴᠠᠭᠤᠯᠤᠯ ᠢ ᠡᠰᠡᠷᠭᠦᠴᠡᠬᠦ ᠠᠴᠢ ᠬᠤᠯᠪᠣᠭᠳᠠᠯ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠣᠯᠭᠤᠪᠠ ᠃
9. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢᠨ 《ᠵᠠᠭᠤ ᠮᠢᠩᠭ᠎ᠠ ᠲᠦᠮᠡ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ》ᠢᠨᠵᠧᠨᠧᠷᠢᠩ᠄ 2027 ᠣᠨ ᠪᠤᠯᠬᠤ ᠳᠤ ᠤᠯᠤᠰ ᠤᠨ ᠳᠡᠰ ᠂ ᠥᠪᠡᠷᠲᠡᠭᠡᠨ ᠵᠠᠰᠠᠬᠤ ᠣᠷᠣᠨ ᠤ ᠳᠡᠰ ᠂ ᠠᠶᠢᠮᠠᠭ ᠬᠤᠲᠠ ᠪᠠ ᠬᠤᠰᠢᠭᠤ ᠰᠢᠶᠠᠨ︵ᠬᠤᠲᠠ ᠂ ᠲᠣᠭᠤᠷᠢᠭ︶ ᠤ ᠲᠠᠰ ᠤᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢᠨ ᠲᠤᠭ᠎ᠠ ᠶᠢ 100 ᠠᠴᠠ ᠳᠡᠭᠡᠭᠰᠢ ᠂ 1000 ᠠᠴᠠ ᠳᠡᠭᠡᠭᠰᠢ ᠂ 10000 ᠠᠴᠠ ᠳᠡᠭᠡᠭᠰᠢ ᠳᠤ ᠪᠠᠷ ᠴᠢᠷᠮᠠᠶᠢᠨ᠎ᠠ ᠃
10.《ᠳᠥᠷᠪᠡᠨ ᠣᠨᠴᠠᠭᠠᠶ》᠄ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠣᠪᠣᠷ ᠣᠨᠴᠠᠭᠠᠶ ᠡᠷᠡᠰ ᠰᠢᠭᠤᠷᠬᠠᠢ ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠣᠨᠴᠠᠭᠠᠶ ᠰᠡᠷᠭᠡᠭ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ ᠣᠨᠴᠠᠭᠠᠶ ᠡᠷᠡᠰ ᠪᠠᠲᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠠᠶᠢᠷᠠᠯᠠᠬᠤ ᠰᠡᠳᠬᠢᠯᠭᠡ ᠣᠨᠴᠠᠭᠠᠶ ᠦᠨᠡᠨᠴᠢ ᠃