ᠠᠳᠠᠯᠢ ᠪᠤᠰᠤ ᠬᠦᠮᠦᠰ ᠤᠨ ᠡᠮᠴᠢᠯᠡᠭᠡᠨ ᠤ ᠳᠠᠭᠠᠳᠬᠠᠯ ᠶᠡᠭᠡ ᠬᠤᠪᠢᠷᠠᠯᠲᠠ ᠲᠠᠢ ᠪᠣᠯᠬᠤ ᠪᠣᠯᠤᠨ᠎ᠠ︕ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠯᠪᠠᠨ ᠪᠢᠴᠢᠭ ᠪᠠᠭᠤᠯᠭᠠᠪᠠ
ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ《ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠣᠭᠤᠳᠬᠤ ᠰᠠᠨᠠᠯ》 ᠢ ᠳᠠᠷᠤᠮᠠᠯᠯᠠᠨ ᠲᠠᠷᠬᠠᠭᠠᠵᠤ᠂ ᠶᠠᠮᠠᠷ ᠶᠠᠮᠠᠷ ᠬᠦᠮᠦᠰ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠪᠣᠢ︖ ᠮᠠᠨ ᠤ ᠤᠯᠤᠰ ᠤᠨ ᠠᠩᠬᠠᠳᠠᠭᠴᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠡᠷᠬᠢᠨ ᠠᠵᠢᠯᠯᠠᠭᠤᠯᠬᠤ ᠪᠣᠶ︖ ᠳᠠᠷᠠᠭᠠᠴᠢ ᠶᠢᠨ ᠵᠦᠢᠯ ᠢ ᠬᠠᠮᠲᠤ ᠳᠤ ᠪᠠᠨ ᠦᠵᠡᠵᠡᠭᠡᠶ᠎ᠡ —
ᠡᠲᠡᠬᠡᠷ ᠬᠦᠮᠦᠰ ᠲᠠᠭᠠᠳᠬᠠᠯ ᠳᠤ ᠣᠷᠣᠯᠴᠠᠨ ᠡᠪᠡᠳᠴᠢᠨ ᠦᠵᠡᠭᠦᠯᠬᠦ ᠳᠤ ᠨᠡᠩ ᠲᠦᠭᠦᠮ ᠪᠣᠯᠬᠤ ᠪᠣᠯᠣᠨ᠎ᠠ —
ᠲᠦᠷᠦᠭᠰᠡᠨ ᠬᠡᠤᠬᠡᠳ
ᠲᠥᠷᠥᠯᠲᠡ ᠶᠢᠨ ᠠᠨᠠᠭᠠᠬᠤ ᠤᠬᠠᠭᠠᠨ ᠤ ᠭᠡᠷᠡᠴᠢ᠂ ᠡᠷᠦᠬᠡ ᠠᠮᠠ ᠶᠢᠨ ᠳᠡᠩᠰᠡᠯᠡᠯᠲᠡ᠂ ᠡᠮᠴᠢᠯᠡᠭᠡᠨ ᠤ ᠳᠠᠭᠠᠳᠬᠠᠯ ᠳᠤ ᠣᠷᠣᠯᠴᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠵᠡᠷᠭᠡ 《ᠲᠦᠷᠦᠯᠲᠡ ᠶᠢᠨ ᠨᠢᠭᠡ ᠶᠠᠪᠤᠳᠠᠯ》 ᠢ ᠨᠡᠶᠢᠯᠡᠭᠦᠯᠦᠨ ᠭᠦᠢᠴᠡᠳᠬᠡᠬᠦ ᠶᠢ ᠠᠬᠢᠭᠤᠯᠤᠨ ᠨᠠᠶᠢᠳᠠᠪᠤᠷᠢᠵᠢᠭᠤᠯᠵᠤ᠂ ᠭᠠᠷᠳᠠᠮ ᠢ ᠳᠥᠭᠦᠮᠴᠢᠯᠡᠵᠦ᠂ ᠳᠠᠷᠠᠭᠠᠯᠠᠯ ᠢ ᠰᠢᠯᠢᠳᠡᠭᠵᠢᠭᠦᠯᠦᠨ᠂ ᠬᠠᠷᠠᠭᠠᠯᠵᠠᠨ ᠬᠠᠮᠠᠭᠠᠯᠠᠭᠴᠢ ᠠᠴᠠ ᠲᠦᠷᠦᠭᠰᠡᠨ ᠬᠡᠦᠬᠡᠳ ᠤᠨ ᠲᠥᠷᠥᠭᠰᠡᠨ ᠲᠤᠬᠠᠶ ᠶᠢᠨ ᠵᠢᠯ ᠳᠤ ᠨᠢ ᠳᠠᠭᠠᠳᠬᠠᠯ ᠳᠤ ᠣᠷᠤᠯᠴᠠᠭᠤᠯᠬᠤ ᠶᠢ ᠠᠬᠢᠭᠤᠯᠤᠨ᠎ᠠ᠃
ᠨᠠᠰᠤᠨ ᠳᠤ ᠦᠯᠦ ᠬᠦᠷᠦᠭᠰᠡᠳ
ᠣᠨᠴᠠ ᠶᠡᠭᠡ ᠬᠤᠲᠠ᠂ ᠬᠡᠲᠦ ᠶᠡᠭᠡ ᠣᠷᠣᠰᠢᠨ ᠰᠠᠭᠤᠷᠢᠰᠢᠬᠤ ᠦᠨᠡᠮᠯᠡᠯ ᠢᠶᠠᠷ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠭᠠᠳᠠᠷ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠳᠤᠮᠳᠠᠳᠤ ᠪᠠᠭ᠎ᠠ ᠰᠤᠷᠭᠠᠭᠤᠯᠢ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠳ ᠢ ᠪᠠᠶᠢᠩᠭᠤ ᠰᠠᠭᠤᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠶᠢ ᠲᠦᠯᠬᠢᠨ ᠠᠬᠢᠭᠤᠯᠤᠨ᠎ᠠ᠃
ᠣᠶᠣᠲᠠᠳ
ᠤᠶᠤᠲᠠᠳ ᠤᠨ ᠰᠤᠷᠭᠠᠭᠤᠯᠢ ᠳᠤ ᠪᠠᠶᠢᠭ᠎ᠠ ᠭᠠᠵᠠᠷ ᠲᠤ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠳᠠᠭᠠᠳᠬᠠᠯ ᠳᠤ ᠣᠷᠣᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠶᠤᠲᠠᠳ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠠᠳᠬᠤᠨ᠎ᠠ᠃
ᠠᠮᠢᠳᠤᠯᠢᠭ ᠢᠶᠠᠷ ᠠᠵᠢᠯ ᠣᠯᠣᠭᠰᠠᠳ᠂ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠳ
ᠬᠡᠲᠦ ᠶᠡᠭᠡ ᠠᠮᠢᠳᠤᠯᠢᠭ ᠢᠶᠠᠷ ᠠᠵᠢᠯ ᠣᠯᠣᠭᠰᠠᠳ᠂ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠠᠵᠢᠯ ᠣᠯᠤᠭᠰᠠᠨ ᠭᠠᠵᠠᠷ ᠲᠤ ᠨᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠭᠤᠯᠬᠤ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠶ ᠪᠣᠯᠭᠠᠵᠤ᠂ ᠠᠵᠢᠯ ᠣᠯᠤᠭᠰᠠᠨ ᠭᠠᠵᠠᠷ ᠲᠤ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠤᠯᠬᠤ ᠠᠵᠢᠯ ᠢ ᠰᠠᠶᠢᠲᠤᠷ ᠬᠢᠨ᠎ᠡ᠃
ᠠᠵᠢᠯ ᠣᠯᠭᠤᠯᠲᠠ ᠶᠢᠨ ᠬᠡᠯᠪᠡᠷᠢ ᠮᠠᠶ᠋ᠢᠭ ᠤᠨ ᠣᠯᠠᠨ ᠶᠠᠩᠵᠤᠴᠢᠯᠠᠬᠤ ᠳᠤ ᠵᠣᠬᠢᠴᠠᠭᠤᠯᠤᠨ᠂ ᠠᠮᠢᠳᠤᠯᠢᠭ ᠢᠶᠠᠷ ᠠᠵᠢᠯ ᠣᠯᠤᠭᠰᠠᠳ ᠳᠠᠭᠠᠳᠬᠠᠯ ᠳᠤ ᠣᠷᠣᠯᠴᠠᠭᠤᠯᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠰᠤᠳᠤᠯᠤᠨ ᠲᠡᠭᠦᠯᠳᠡᠷᠵᠢᠭᠦᠯᠦᠨ᠎ᠡ᠃
ᠬᠦᠳᠡᠭᠡ ᠲᠤᠰᠬᠤᠨ ᠤ ᠰᠠᠭᠤᠭᠠᠯᠢ ᠠᠷᠠᠳ
ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠮᠥᠷᠲᠡᠭᠡᠨ ᠨᠥᠬᠦᠴᠡᠯ ᠳᠤ ᠨᠡᠶᠢᠴᠡᠭᠰᠡᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠣᠳᠣᠬᠤ ᠬᠡᠪᠴᠢᠶᠡᠨ ᠳᠤ ᠣᠷᠣᠭᠤᠯᠵᠤ᠂ ᠴᠠᠭ ᠲᠤᠬᠠᠶ ᠳᠤ ᠨᠢ ᠳ᠋ᠦᠩᠨᠡᠨ ᠪᠣᠳᠣᠬᠤ ᠶᠢ ᠲᠦᠯᠬᠢᠨ ᠠᠬᠢᠭᠤᠯᠤᠨ᠎ᠠ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠵᠦᠶ ᠵᠣᠬᠢᠰᠲᠠᠶ ᠲᠣᠬᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠳᠦᠭᠦᠮᠯᠡᠵᠦ᠂ ᠱᠠᠲᠤ ᠬᠤᠪᠢᠶᠠᠨ ᠣᠨᠣᠰᠢᠯᠠᠨ ᠡᠮᠨᠡᠭᠦᠯᠬᠦ ᠶᠢ ᠨᠠᠩ ᠰᠠᠶᠢᠲᠤᠷ ᠠᠬᠢᠭᠤᠯᠤᠨ᠎ᠠ᠃
ᠡᠳᠡᠭᠡᠷ ᠬᠦᠮᠦᠰ ᠳᠠᠭᠠᠳᠬᠠᠯ ᠳᠤ ᠣᠷᠣᠯᠴᠠᠬᠤ ᠳᠤ ᠰᠠᠶᠢᠨ ᠴᠢᠮᠡᠭᠡ ᠪᠠᠶᠢᠨ᠎ᠠ —
ᠠᠵᠢᠯᠲᠠᠨ ᠠᠵᠢᠯᠴᠢᠨ
ᠠᠵᠢᠯᠲᠠᠨ ᠠᠵᠢᠯᠴᠢᠨ ᠤ ᠡᠮᠴᠢᠯᠡᠭᠡᠨ ᠤ ᠲᠠᠭᠠᠳᠬᠠᠯ ᠤᠨ ᠬᠤᠪᠢ ᠬᠦᠮᠦᠨ ᠤ ᠳᠠᠩᠰᠠᠨ ᠡᠷᠦᠭᠡ ᠳᠠᠬᠢ ᠵᠣᠭᠤᠰ ᠢᠶᠠᠷ ᠳᠠᠭᠠᠳᠬᠠᠯ ᠳᠤ ᠣᠷᠣᠯᠴᠠᠭᠰᠠᠳ ᠤᠨ ᠲᠦᠷᠦᠯ ᠰᠠᠳᠤᠨ ᠤ ᠰᠠᠭᠤᠭᠠᠯᠢ ᠠᠷᠡᠳ ᠤᠨ ᠡᠮᠴᠢᠯᠡᠭᠡᠨ ᠤ ᠲᠠᠭᠠᠳᠬᠠᠯ ᠳᠤ ᠣᠷᠣᠯᠴᠬᠠᠰᠠᠨ ᠬᠤᠪᠢ ᠬᠦᠮᠦᠨ ᠰᠦᠢᠳᠭᠡᠯ ᠲᠣᠰᠢᠶ᠋ᠬᠠᠥ ᠵᠢᠴᠢ ᠨᠢᠭᠡᠨᠳᠡ ᠲᠠᠭᠠᠳᠬᠠᠯ ᠳᠤ ᠣᠷᠣᠯᠴᠬᠠᠰᠠᠨ ᠳᠥᠷᠦᠯ ᠰᠠᠳᠣᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠥᠮᠵᠢ ᠳᠤ ᠡᠪᠡᠳᠴᠢᠨ ᠦᠵᠡᠭᠦᠯᠬᠦ ᠡᠮ ᠬᠤᠳᠠᠯᠳᠣᠨ ᠠᠪᠬᠤ ᠳᠤ ᠬᠤᠪᠢ ᠬᠦᠮᠦᠨ ᠤ ᠥᠪᠡᠰᠦᠪᠡᠨ ᠲᠤᠭᠠᠴᠠᠭ᠎ᠠ ᠬᠢᠬᠦ ᠡᠮᠴᠢᠯᠡᠭᠡᠨ ᠤ ᠵᠠᠷᠣᠳᠡᠯ ᠢ ᠨᠢ ᠲᠣᠰᠢᠶᠡᠬᠤ ᠶᠢ ᠳᠡᠮᠵᠢᠨ᠎ᠠ᠃
ᠠᠵᠢᠯ ᠠᠯᠳᠠᠭᠰᠠᠳ
ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠦᠯᠦᠪᠦᠷᠢᠯᠡᠭᠰᠡᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠠᠢ ᠠᠳᠠᠯᠢ ᠲᠡᠭᠰᠢ ᠪᠠᠷ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠣᠯᠭᠤᠮᠵᠢ ᠬᠦᠷᠲᠡᠬᠦ ᠶᠢ ᠦᠨᠡᠨ ᠬᠦ ᠪᠠᠲᠤᠯᠠᠨ᠎ᠠ᠃
ᠬᠦᠴᠢᠷᠳᠡᠯᠲᠡᠢ ᠣᠯᠠᠨ ᠲᠦᠮᠡᠨ
ᠤᠨᠴᠠ ᠭᠦᠴᠢᠷᠳᠡᠯᠳᠡᠢ ᠭᠦᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠬᠦᠷᠲᠡᠵᠦ ᠪᠠᠶᠢᠭ᠎ᠠ ᠭᠦᠮᠦᠰ᠂ ᠨᠦᠭᠦᠴᠡᠯ ᠳᠤ ᠨᠡᠶᠢᠴᠡᠭᠰᠡᠨ ᠳᠠᠬᠢᠨᠲᠠ ᠶᠠᠳᠠᠭᠤᠷᠠᠬᠤ ᠶᠢ ᠰᠡᠷᠬᠡᠶᠢᠯᠡᠬᠦ ᠬᠢᠨᠠᠨ ᠰᠢᠨᠵᠢᠬᠦ ᠡᠳᠡᠬᠡᠳ ᠵᠡᠷᠬᠡ ᠭᠦᠴᠢᠷᠳᠡᠯᠳᠡᠢ ᠤᠯᠠᠨ ᠲᠦᠮᠡᠨ ᠤ ᠲᠠᠭᠠᠳᠬᠠᠯ ᠳᠤ ᠤᠷᠤᠯᠴᠠᠬᠤ ᠶᠢ ᠬᠤᠯᠪᠤᠨᠨᠳᠠᠯ ᠪᠦᠭᠦᠢ ᠲᠤᠨᠨᠳᠠᠭᠠᠯ ᠶᠤᠰᠤᠭᠠᠷ ᠲᠦᠷᠦᠯ ᠬᠤᠪᠢᠶᠠᠨ ᠲᠤᠰᠠᠯᠠᠨ᠎ᠠ᠃
ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠳ᠂ ᠲᠠᠩᠰᠠ ᠥᠯᠥ ᠲᠠᠶᠢᠯᠤᠭᠰᠠᠳ
ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠪᠦᠬᠦᠯᠢ 4 ᠵᠢᠯ ᠣᠷᠣᠯᠴᠠᠭᠰᠠᠳ ᠤᠨ ᠲᠠᠪᠤᠳᠤᠭᠠᠷ ᠵᠢᠯ ᠠᠴᠠ ᠨᠢ ᠡᠬᠢᠯᠡᠵᠦ ᠢᠯᠡᠭᠦᠦ 1 ᠵᠢᠯ ᠳᠠᠭᠠᠳᠬᠠᠯ ᠳᠤ ᠣᠷᠣᠯᠴᠠᠬᠤ ᠪᠦᠷᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ᠃
ᠲᠣᠰ ᠵᠢᠯ ᠤᠨ ᠰᠠᠭᠤᠷᠢ ᠮᠥᠩᠭᠦᠨ ᠠᠴᠠ ᠳᠠᠩᠰᠠ ᠥᠯᠥ ᠲᠠᠶᠢᠯᠤᠭᠰᠠᠳ ᠪᠥᠭᠡᠳ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠲᠦ ᠪᠣᠯ ᠳᠠᠷᠠᠭ᠎ᠠ ᠵᠢᠯ ᠳᠤ ᠨᠢ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠨᠢ ᠳᠡᠭᠡᠭᠰᠢᠯᠡᠭᠦᠯᠵᠦ ᠪᠣᠯᠤᠨ᠎ᠠ᠃
ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠢ ᠤᠷᠮᠠᠰᠢᠭᠤᠯᠬᠤ ᠪᠠ ᠳᠠᠩᠰᠠ ᠥᠯᠥ ᠲᠠᠶᠢᠯᠤᠭᠰᠠᠳ ᠢ ᠤᠷᠮᠠᠰᠢᠭᠤᠯᠵᠤ᠂ ᠵᠠᠷᠴᠢᠮ ᠳᠡᠭᠡᠷ᠎ᠡ ᠪᠠᠨ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠳᠤ ᠤᠳᠠᠭ᠎ᠠ ᠪᠦᠷᠢ 1000 ᠲᠥᠭᠦᠷᠢᠭ ᠠᠴᠠ ᠳᠣᠣᠷ᠎ᠠ ᠥᠬᠡᠶ ᠪᠠᠶᠢᠯᠭᠠᠵᠤ᠂ ᠤᠳᠠᠭ᠎ᠠ ᠪᠦᠷᠢ ᠶᠢᠨ ᠳᠡᠭᠡᠭᠰᠢᠯᠡᠭᠦᠯᠦᠭᠰᠡᠨ ᠶᠡᠷᠦᠩᠬᠡᠶ ᠲᠤᠭ᠎ᠠ ᠶᠢ ᠤᠤᠯ ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠦᠨᠳᠦ ᠡᠪᠡᠳᠴᠢᠨ ᠤ ᠳᠠᠭᠠᠳᠬᠠᠯ ᠤᠨ ᠤᠤᠯ ᠤᠨ ᠬᠢᠵᠠᠭᠠᠷᠯᠠᠬᠤ ᠱᠤᠭᠤᠮ ᠤᠨ 20% ᠠᠴᠠ ᠬᠡᠲᠦᠷᠡᠭᠦᠯᠬᠦ ᠥᠬᠡᠶ᠃ ᠰᠠᠭᠤᠭᠠᠯᠢ ᠠᠷᠠᠳ ᠬᠦᠨᠳᠦ ᠡᠪᠡᠳᠴᠢᠨ ᠤ ᠰᠦᠢᠳᠭᠡᠯ ᠢᠶᠠᠨ ᠳᠠᠩᠰᠠ ᠠᠴᠠ ᠲᠠᠶᠢᠯᠤᠭᠰᠠᠨ ᠤ ᠬᠠᠮᠲᠤ ᠬᠥᠬᠢᠭᠦᠯᠦᠨ ᠱᠠᠩᠨᠠᠬᠤ ᠲᠤᠭ᠎ᠠ ᠬᠡᠮᠵᠢᠶ᠎ᠡ ᠶᠢ ᠬᠡᠷᠡᠭᠯᠡᠭᠰᠡᠨ ᠤ ᠳᠠᠷᠠᠭ᠎ᠠ᠂ ᠡᠮᠦᠨᠡᠬᠢ ᠬᠤᠭᠤᠴᠠᠭᠠᠨ ᠳᠤ ᠨᠢᠭᠡᠨᠲᠡ ᠬᠤᠷᠠᠮᠳᠤᠭᠤᠯᠤᠭᠰᠠᠨ ᠲᠠᠩᠰᠠ ᠥᠯᠥ ᠲᠠᠶᠢᠯᠤᠭᠰᠠᠳ ᠢ ᠤᠷᠮᠠᠰᠢᠭᠤᠯᠬᠤ ᠲᠤᠭ᠎ᠠ ᠬᠡᠮᠵᠢᠶ᠎ᠡ ᠶᠢ ᠨᠢ ᠪᠤᠴᠠᠭᠠᠭᠠᠳ ᠲᠡᠭ ᠪᠣᠯᠭᠠᠨ᠎ᠠ᠃
ᠡᠳᠡᠭᠡᠷ ᠬᠦᠮᠦᠰ ᠳᠠᠭᠠᠳᠬᠠᠯ ᠳᠤ ᠣᠷᠣᠯᠴᠠᠬᠤ ᠳᠤ ᠬᠤᠪᠢᠷᠠᠯᠲᠠ ᠭᠠᠷᠴᠠᠢ —
ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠳ᠂ ᠴᠠᠭ ᠬᠤᠭᠤᠴᠠᠭᠠᠨ ᠳᠤ ᠪᠠᠨ ᠳᠠᠭᠠᠳᠬᠠᠯ ᠳᠤ ᠣᠷᠣᠯᠴᠠᠭᠰᠠᠨ ᠦᠭᠡᠢ ᠬᠥᠮᠦᠰ
2025 ᠣᠨ ᠠᠴᠠ ᠡᠬᠢᠯᠡᠨ᠂ ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠬᠦᠨᠳᠦ ᠡᠪᠡᠳᠴᠢᠨ ᠤ ᠳᠠᠭᠠᠳᠬᠠᠯ ᠤᠨ ᠲᠦᠯᠦᠪᠦᠷᠢᠯᠡᠬᠦ ᠬᠠᠮᠤᠭ ᠤᠨ ᠥᠨᠳᠥᠷ ᠬᠢᠵᠠᠭᠠᠷ ᠲᠤᠭ᠎ᠠ ᠶᠢ ᠨᠢ ᠪᠠᠭᠤᠷᠠᠭᠤᠯᠵᠤ ᠪᠣᠯᠤᠨ᠎ᠠ᠃
ᠳᠠᠭᠠᠳᠬᠠᠯ ᠢᠶᠠᠨ ᠲᠠᠰᠤᠯᠳᠠᠭᠤᠯᠤᠭᠠᠳ ᠳᠠᠬᠢᠨᠲᠠ ᠳᠠᠭᠠᠳᠬᠠᠯ ᠳᠤ ᠣᠷᠤᠯᠴᠠᠪᠠᠯ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠣᠨ ᠤ ᠲᠤᠭ᠎ᠠ ᠶᠢ ᠳᠠᠬᠢᠵᠤ ᠰᠢᠨ᠎ᠡ ᠪᠠᠷ ᠪᠣᠳᠣᠨ᠎ᠠ᠃ ᠪᠣᠳᠠᠲᠠᠶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠡᠯ᠎ᠡ ᠮᠤᠵᠢ ᠶᠢᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠵᠡᠷᠭᠡ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃
2025 ᠣᠨ ᠠᠴᠠ ᠡᠬᠢᠯᠡᠨ᠂ ᠲᠥᠷᠥᠭᠰᠡᠨ ᠬᠡᠤᠬᠡᠳ ᠵᠡᠷᠭᠡ ᠣᠨᠴᠠᠭᠠᠶ ᠬᠥᠮᠦᠰ ᠠᠴᠠ ᠭᠠᠳᠠᠨ᠎ᠠ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠲᠥᠪᠯᠡᠷᠡᠭᠦᠯᠦᠨ ᠣᠷᠣᠯᠴᠠᠵᠤ ᠪᠠᠶᠢᠭ᠎ᠠ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠤᠨ ᠳᠠᠭᠠᠳᠬᠠᠯ ᠳᠤ ᠣᠷᠣᠯᠴᠠᠭᠰᠠᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 3 ᠰᠠᠷ᠎ᠠ ᠪᠠᠷ ᠲᠣᠬᠢᠷᠠᠭᠤᠯᠤᠨ᠎ᠠ︔ ᠡᠭᠦᠨ ᠳᠤ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠦᠭᠡᠢ ᠪᠣᠯ ᠳᠠᠭᠠᠳᠬᠠᠯ ᠢ ᠢᠯᠡᠭᠦᠦ 1 ᠵᠢᠯ ᠲᠠᠰᠤᠯᠳᠠᠭᠤᠯᠬᠤ ᠪᠦᠷᠢ ᠵᠠᠷᠴᠢᠮ ᠳᠡᠭᠡᠷ᠎ᠡ ᠪᠠᠨ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠳ ᠰᠦᠢᠳᠬᠡᠯ ᠲᠤᠰᠢᠶᠠᠬᠤ ᠪᠠᠷ ᠳᠠᠮᠵᠢᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠵᠠᠰᠠᠨ ᠰᠡᠷᠭᠦᠭᠡᠵᠦ᠂ ᠢᠯᠡᠭᠦᠦ 1 ᠵᠢᠯ ᠲᠤᠰᠢᠶᠠᠬᠤ ᠪᠦᠷᠢ ᠬᠤᠪᠢᠷᠠᠯᠲᠠ ᠭᠠᠷᠤᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ 1 ᠰᠠᠷ᠎ᠠ ᠪᠤᠭᠤᠨᠢᠰᠬᠠᠨ᠂ 4 ᠵᠢᠯ ᠵᠢᠴᠢ ᠲᠡᠭᠦᠨ ᠠᠴᠠ ᠳᠡᠭᠡᠭᠰᠢ ᠵᠠᠯᠭᠠᠭ᠎ᠠ ᠪᠠᠷ ᠲᠠᠰᠤᠯᠳᠠᠭᠤᠯᠤᠭᠰᠠᠨ ᠪᠣᠯ ᠵᠠᠰᠠᠨ ᠰᠡᠷᠭᠦᠭᠡᠭᠰᠡᠨ ᠤ ᠳᠠᠷᠠᠭᠠᠬᠢ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠪᠠ ᠬᠤᠪᠢᠷᠠᠯᠲᠠ ᠭᠠᠷᠣᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠃
ᠲᠤᠰᠢᠶᠠᠬᠤ ᠰᠦᠢᠳᠬᠡᠯ ᠢ ᠲᠤᠰ ᠵᠢᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ᠃ ᠬᠦᠯᠢᠶᠡᠬᠦ ᠬᠤᠭᠤᠴᠠᠭᠠᠨ ᠤ ᠪᠣᠳᠠᠲᠠᠢ ᠪᠠᠷᠢᠮᠵᠢᠶ᠎ᠠ ᠶᠢ ᠡᠯ᠎ᠡ ᠮᠤᠵᠢ ᠥᠪᠡᠷᠰᠡᠳ ᠤᠨ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃