ᠵᠤᠬᠢᠶᠠᠭᠴᠢ:
ᠴᠠᠭ:2020-05-23
ᠥᠵᠡᠭᠰᠡᠨ : ℃
ᠢᠷᠡᠯᠲᠡ:
ᠣᠷᠳᠣᠰ ᠬᠣᠲᠠ ᠶᠢᠨ ᠳᠠᠯᠠᠳ ᠬᠣᠰᠢᠭᠤ ( ᠪᠦᠯᠦᠭ )
2017 ᠣᠨ ᠳᠤ᠂ ᠳᠠᠯᠠᠳ ᠬᠣᠰᠢᠭᠤᠨ ᠤ ᠪᠦᠬᠦ ᠬᠥᠮᠦᠨ ᠠᠮᠠ 37.02 ᠲᠦᠮᠡ ᠳᠦ ᠬᠦᠷᠪᠡ᠃ ᠡᠭᠦᠨ ᠳᠦ ᠬᠢᠲᠠᠳ ᠦᠨᠳᠦᠰᠦᠲᠡᠨ 35.14 ᠲᠦᠮᠡᠨ ᠬᠥᠮᠦᠨ ᠪᠠᠶᠢᠵᠤ ᠂ ᠪᠦᠬᠦ ᠬᠥᠮᠦᠨ ᠠᠮᠠ ᠶᠢᠨ 94.9% ᠶᠢ ᠡᠵᠡᠯᠡᠨ ᠂ ᠮᠣᠩᠭᠣᠯ ᠦᠨᠳᠦᠰᠦᠲᠡᠨ 1.72 ᠲᠦᠮᠡᠨ ᠬᠥᠮᠦᠨ ᠪᠠᠶᠢᠵᠤ ᠂ ᠪᠥᠬᠥ ᠬᠥᠮᠦᠨ ᠠᠮᠠ ᠶᠢᠨ 4.6% ᠶᠢ ᠡᠵᠡᠯᠡᠵᠦ ᠪᠣᠢ ᠃ ᠬᠣᠲᠣᠩ ᠦᠨᠳᠦᠰᠦᠲᠡᠨ 580 ᠬᠥᠮᠦᠨ ᠪᠠᠶᠢᠵᠤ᠂ ᠪᠦᠬᠦ ᠬᠥᠮᠦᠨ ᠠᠮᠠ ᠶᠢᠨ 0.16% ᠵᠢ ᠡᠵᠡᠯᠡᠨ᠎ᠡ᠃ ᠮᠠᠨᠵᠤ ᠦᠨᠳᠦᠰᠦᠲᠡᠨ 815 ᠬᠥᠮᠦᠨ ᠪᠠᠶᠢᠵᠤ᠂ ᠪᠦᠬᠦ ᠬᠥᠮᠦᠨ ᠠᠮᠠ ᠶᠢᠨ 0.2% ᠢ ᠡᠵᠡᠯᠡᠨ᠎ᠡ᠃ ᠰᠣᠯᠣᠩᠭᠣᠰ ᠦᠨᠳᠦᠰᠦᠲᠡᠨ 11 ᠬᠥᠮᠦᠨ ᠂ ᠳᠠᠭᠤᠷ ᠦᠨᠳᠦᠰᠦᠲᠡᠨ 20 ᠬᠥᠮᠦᠨ ᠂ ᠡᠸᠡᠩᠬᠢ ᠦᠨᠳᠦᠰᠦᠲᠡᠨ 7 ᠬᠥᠮᠦᠨ᠂ ᠵᠤᠸᠠᠩ ᠦᠨᠳᠦᠰᠦᠲᠡᠨ 21 ᠬᠥᠮᠦᠨ᠂ ᠲᠥᠪᠡᠳ ᠦᠨᠳᠦᠰᠦᠲᠡᠨ 10 ᠬᠦᠮᠦᠨ᠂ ᠤᠶᠢᠭᠤᠷ ᠦᠨᠳᠦᠰᠦᠲᠡᠨ 7 ᠬᠦᠮᠦᠨ᠂ ᠮᠢᠶᠣᠣ ᠦᠨᠳᠦᠰᠦᠲᠡᠨ 21 ᠂ ᠲᠦᠵᠢᠶᠠ ᠦᠨᠳᠦᠰᠦᠲᠡᠨ 13 ᠬᠥᠮᠦᠨ᠂ ᠢ ᠦᠨᠳᠦᠰᠦᠲᠡᠨ 42 ᠬᠥᠮᠦᠨ᠂ ᠰᠢᠪᠡᠭᠡ ᠦᠨᠳᠦᠰᠦᠲᠡᠨ 4 ᠬᠥᠮᠦᠨ᠂ ᠪᠤᠰᠤᠳ 53 ᠬᠥᠮᠦᠨ ᠪᠠᠶᠢᠨ᠎ᠠ᠃ ᠪᠠᠶᠢᠩᠭᠤ ᠰᠠᠭᠤᠭ᠎ᠠ ᠬᠥᠮᠦᠨ ᠠᠮᠠ 33.42 ᠲᠦᠮᠡ ᠪᠣᠢ ᠃ ᠡᠭᠦᠨ ᠳᠦ ᠄ ᠬᠣᠲᠠ ᠪᠠᠯᠭᠠᠰᠤᠨ ᠤ ᠬᠥᠮᠦᠨ ᠠᠮᠠ 18.91 ᠲᠦᠮᠡ ᠂ ᠬᠣᠲᠠ ᠪᠠᠯᠭᠠᠰᠤᠵᠢᠯᠲᠠ ᠶᠢᠨ ᠨᠣᠷᠮ᠎ᠠ 56.58% ᠃ ᠵᠢᠯ ᠦᠨ ᠡᠴᠦᠰ ᠲᠦ ᠂ ᠪᠥᠬᠥ ᠬᠣᠰᠢᠭᠤᠨ ᠤ ᠡᠷᠦᠬᠡ ᠠᠮᠠ ᠶᠢᠨ ᠲᠠᠩᠰᠠ ᠳᠤ ᠪᠠᠢᠭ᠎ᠠ ᠶᠡᠷᠦᠩᠬᠡᠢ ᠬᠥᠮᠦᠨ ᠠᠮᠠ 370261 ᠪᠠᠶᠢᠵᠤ ᠂ ᠠᠳᠠᠯᠢ ᠬᠤᠭᠤᠴᠠᠭᠠᠨ ᠤ ᠬᠢ ᠡᠴᠡ 955 ᠬᠥᠮᠦᠨ ᠨᠡᠮᠡᠭᠳᠡᠵᠡᠶ ᠃ ᠪᠥᠬᠥ ᠵᠢᠯ ᠳᠦ 0.34 ᠲᠦᠮᠡ ᠬᠥᠮᠦᠨ ᠠᠮᠠ ᠲᠦᠷᠦᠪᠡ 0.33 ᠲᠦᠮᠡ ᠬᠥᠮᠦᠨ ᠠᠮᠠ ᠦᠬᠦᠪᠡ ᠠᠶᠠᠨᠳᠠᠭᠠᠨ ᠨᠡᠮᠡᠭᠳᠡᠭᠰᠡᠨ ᠨᠤᠷᠮ᠎ᠠ 4.8‰ ᠪᠣᠯᠤᠨ᠎ᠠ᠃
2017 ᠣᠨ ᠳᠤ ᠂ ᠪᠥᠬᠥ ᠵᠢᠯ ᠳᠦ ᠭᠠᠵᠠᠷ ᠣᠷᠣᠨ ᠤ ᠦᠶᠯᠡᠳᠪᠦᠷᠢᠯᠡᠯ ᠦᠨ ᠶᠡᠷᠦᠩᠬᠡᠢ ᠥᠷᠲᠡᠭ ᠢ 333.84 ᠳ᠋ᠦᠩᠰᠢᠭᠤᠷ ᠲᠥᠭᠥᠷᠢᠭ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠡᠴᠡ 5% ᠪᠠᠷ ᠨᠡᠮᠡᠭᠳᠡᠪᠡ ᠃ ᠨᠢᠭᠡᠳᠦᠭᠡᠷ ᠠᠵᠤ ᠦᠶᠯᠡᠰ ᠦᠨ ᠨᠡᠮᠡᠭᠳᠡᠯ ᠥᠷᠲᠡᠭ 36.49 ᠳ᠋ᠦᠩᠰᠢᠭᠤᠷ ᠲᠥᠭᠥᠷᠢᠭ ᠪᠠᠢᠵᠤ ᠂ ᠠᠳᠠᠯᠢ ᠬᠤᠭᠤᠴᠠᠭᠠᠨ ᠤ ᠬᠢ ᠡᠴᠡ 3.9% ᠪᠠᠷ ᠨᠡᠮᠡᠭᠳᠡᠪᠡ ᠬᠣᠶᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ 157.63 ᠳ᠋ᠦᠩᠰᠢᠭᠤᠷ ᠲᠥᠭᠥᠷᠢᠭ ᠪᠠᠢᠵᠤ ᠂ ᠠᠳᠠᠯᠢ ᠬᠤᠭᠤᠴᠠᠭᠠᠨ ᠤ ᠬᠢ ᠡᠴᠡ 4.8 ᠨᠡᠮᠡᠭᠳᠡᠵᠡᠶ ᠃ ᠡᠭᠦᠨ ᠳᠦ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 143.61 ᠳ᠋ᠦᠩᠰᠢᠭᠤᠷ ᠲᠥᠭᠥᠷᠢᠭ ᠪᠠᠢᠵᠤ ᠂ ᠠᠳᠠᠯᠢ ᠬᠤᠭᠤᠴᠠᠭᠠᠨ ᠤ ᠬᠢ ᠡᠴᠡ 6.1% ᠪᠠᠷ ᠨᠡᠮᠡᠭᠳᠡᠪᠡ ᠃ ᠪᠠᠷᠢᠯᠭ᠎ᠠ ᠶᠢᠨ ᠦᠶᠯᠡᠰ ᠦᠨ ᠨᠡᠮᠡᠭᠳᠡᠯ ᠥᠷᠲᠡᠭ 14.02 ᠳ᠋ᠦᠩᠰᠢᠭᠤᠷ ᠲᠥᠭᠥᠷᠢᠭ ᠪᠠᠢᠵᠤ ᠂ ᠠᠳᠠᠯᠢ ᠬᠤᠭᠤᠴᠠᠭᠠᠨ ᠬᠢ ᠡᠴᠡ 6.3% ᠪᠡᠷ ᠪᠠᠭᠤᠷᠠᠪᠠ ᠭᠤᠷᠪᠠᠳᠤᠭᠠᠷ ᠠᠵᠤ ᠦᠶᠯᠡᠰ ᠦᠨ ᠨᠡᠮᠡᠭᠳᠡᠯ ᠥᠷᠲᠡᠭ 139.72 ᠳ᠋ᠦᠩᠰᠢᠭᠤᠷ ᠲᠥᠭᠥᠷᠢᠭ ᠪᠠᠢᠵᠤ ᠂ ᠠᠳᠠᠯᠢ ᠬᠤᠭᠤᠴᠠᠭᠠᠨ ᠤ ᠬᠢ ᠡᠴᠡ 5.6% ᠪᠠᠷ ᠨᠡᠮᠡᠭᠳᠡᠪᠡ ᠃ ᠭᠠᠵᠠᠷ ᠣᠷᠣᠨ ᠤ ᠦᠶᠯᠡᠳᠪᠦᠷᠢᠯᠡᠯ ᠦᠨ ᠶᠡᠷᠦᠩᠬᠡᠶ ᠥᠷᠲᠡᠭ ᠦᠨ ᠳᠣᠲᠣᠷᠠᠬᠢ ᠨᠢᠭᠡᠳᠦᠭᠡᠷ ᠂ ᠬᠣᠶᠠᠳᠤᠭᠠᠷ ᠂ ᠭᠤᠷᠪᠠᠳᠤᠭᠠᠷ ᠠᠵᠤ ᠦᠶᠯᠡᠰ ᠦᠨ ᠬᠠᠷᠢᠴᠠᠯ ᠨᠢ 10.93 ᠄ 47.22 ᠄ 41.85 ᠪᠣᠯᠤᠨ᠎ᠠ ᠃ ᠨᠡᠭᠦᠷᠡᠰᠦ ᠂ ᠮᠠᠩᠰᠢᠶᠣᠤ ᠂ ᠥᠭᠡᠬᠦᠨ ᠴᠢᠯᠠᠭᠤᠨ ᠡᠯᠡᠰᠦ ᠂ ᠭᠠᠯ ᠳᠤ ᠳᠠᠭᠠᠭᠠᠮᠠᠭᠠᠶ ᠨᠠᠩᠭᠢ ᠰᠢᠷᠣᠶ ᠂ ᠬᠦᠯᠦᠷ᠎ᠡ ᠵᠡᠷᠭᠡ ᠪᠠᠶᠢᠨ᠎ᠠ ᠃ ᠡᠭᠦᠨ ᠳᠦ ᠨᠡᠭᠦᠷᠡᠰᠦᠨ ᠦ ᠵᠢᠯ ᠦᠨ ᠭᠠᠷᠤᠯᠲᠠ 2306.3 ᠲᠦᠮᠡᠨ ᠲᠣᠨ ᠪᠣᠯᠣᠨ᠎ᠠ᠃