ᠵᠤᠬᠢᠶᠠᠭᠴᠢ:
ᠴᠠᠭ:2021-03-05
ᠥᠵᠡᠭᠰᠡᠨ : ℃
ᠢᠷᠡᠯᠲᠡ:
ᠥᠪᠥᠷ ᠮᠣᠩᠭᠣᠯ ᠤᠨ ᠭᠠᠵᠠᠷ ᠤᠨ ᠲᠥᠷᠬᠦ ( ᠨᠢᠭᠡ )
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠨ ᠦ ᠨᠢᠭᠡ ᠶᠢᠨ ᠭᠠᠵᠠᠷ ᠨᠢ ᠡᠯᠡᠰᠦᠷᠬᠡᠭ ᠭᠠᠵᠠᠷ ᠂ ᠡᠯᠡᠰᠦ ᠮᠠᠩᠬ᠎ᠠ ᠪᠣᠯᠤᠨ ᠭᠣᠪᠢ ᠳᠤ ᠡᠵᠡᠯᠡᠭᠳᠡᠵᠦ ᠂ ᠡᠭᠦᠨ ᠳᠦ ᠡᠯᠡᠰᠦᠷᠬᠡᠭ ᠭᠠᠵᠠᠷ 10.67 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠂ ᠡᠯᠡᠰᠦ 12 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠂ ᠭᠣᠪᠢ 10 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠪᠠᠶᠢᠨ᠎ᠠ᠃ ᠵᠡᠭᠦᠨ ᠡᠴᠡ ᠪᠠᠷᠠᠭᠤᠨᠰᠢ ᠭᠣᠣᠯᠳᠠᠭᠤ ᠬᠥᠯᠥᠨ ᠪᠤᠢᠢᠷ ᠠᠶᠢᠮᠠᠭ ( ᠤᠳᠤ ᠶᠢᠨ ᠬᠥᠯᠥᠨ ᠪᠤᠢᠢᠷ ᠬᠤᠳᠠ ) ᠋ ᠤᠨ ᠴᠠᠭᠠᠨ ᠋᠃ ᠵᠢᠷᠢᠮ ᠠᠶᠢᠮᠠᠭ ( ᠣᠳᠣ ᠶᠢᠨ ᠲᠦᠩᠯᠢᠶᠣᠤ ᠬᠣᠲᠠ ) ᠤᠨ ᠬᠣᠷᠴᠢᠨ ᠤ ᠡᠯᠡᠰᠦᠷᠬᠡᠭ ᠭᠠᠵᠠᠷ ᠃ ᠰᠢᠯᠢ ᠶᠢᠨ ᠭᠣᠸᠯ ᠠᠶᠢᠮᠠᠭ ᠤᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠃ ᠶᠡᠬᠡ ᠵᠣᠣ ( ᠣᠳᠣ ᠶᠢᠨ ᠣᠷᠳᠣᠰ ᠬᠣᠲᠠ ) ᠮᠤᠤᠠᠤᠰᠤ ᠂ ᠬᠥᠪᠴᠢ ᠶᠢᠨ ᠃ ᠪᠠᠶᠠᠨᠨᠠᠭᠤᠷ ᠠᠶᠢᠮᠠᠭ ᠤᠨ ᠪᠠᠶᠠᠨᠭᠣᠪᠢ ᠃ ᠪᠠᠶᠠᠨᠨᠠᠭᠤᠷ ᠠᠶᠢᠮᠠᠭ ᠂ ᠶᠡᠬᠡ ᠵᠣᠣ ᠪᠣᠯᠤᠨ ᠠᠯᠠᠱᠠ ᠠᠶᠢᠮᠠᠭ ᠤᠨ ᠠᠭᠤᠯᠵᠠᠷ ᠲᠠᠬᠢ ᠤᠯᠠᠭᠠᠨᠪᠤᠬ᠎ᠠ ᠃ ᠠᠯᠠᠱᠠ ᠠᠶᠢᠮᠠᠭ ᠤᠨ ᠪᠠᠳᠠᠢ ᠶᠢᠨ ᠵᠢᠷᠠᠨ ᠤ ᠪᠠ ᠲᠩᠷᠢ ᠃ ᠭᠣᠪᠢ ᠨᠢ ᠭᠣᠣᠯᠳᠠᠭᠤ ᠪᠠᠶᠠᠨᠨᠠᠭᠤᠷ ᠠᠶᠢᠮᠠᠭ ᠪᠠ ᠠᠯᠠᠱᠠ ᠠᠶᠢᠮᠠᠭ ᠤᠨ ᠬᠣᠶᠢᠲᠤ ᠬᠡᠰᠡᠭ ᠲᠦ ᠪᠠᠶᠢᠷᠢᠯᠠᠵᠤ ᠪᠠᠶᠢᠳᠠᠭ᠃

ᠡᠯᠡᠰᠦᠷᠬᠡᠭ ᠭᠠᠵᠠᠷ ᠨᠢ ᠭᠣᠸᠯᠳᠠᠭᠤ ᠥᠪᠥᠷ ᠮᠣᠩᠭᠣᠯ ᠤᠨ ᠳᠤᠮᠳᠠ ᠬᠡᠰᠡᠭ ᠪᠠ ᠵᠡᠭᠦᠨ ᠬᠡᠰᠡᠭ ᠲᠦ ᠲᠠᠷᠬᠠᠵᠤ ᠂ ᠬᠠᠭᠠᠰ ᠭᠠᠩ ᠬᠠᠭᠤᠷᠠᠶ ᠬᠠᠭᠠᠰ ᠴᠢᠭᠢᠭᠯᠢᠭ ᠲᠥᠷᠥᠯ ᠬᠡᠯᠪᠡᠷᠢ ᠳᠦ ᠬᠠᠷᠢᠶᠠᠯᠠᠭᠳᠠᠨ᠎ᠠ᠃ ᠡᠯᠡᠰᠦ ᠮᠠᠩᠬ᠎ᠠ ᠪᠣᠯ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠦᠨ ᠭᠠᠩ ᠬᠠᠭᠤᠷᠠᠶ ᠭᠠᠵᠠᠷ ᠣᠷᠣᠨ ᠳᠤ ᠣᠷᠣᠰᠢᠵᠤ ᠂ ᠲᠣᠭᠲᠠᠪᠤᠷᠢᠵᠢᠭᠤᠯᠤᠨ ᠥᠭᠡᠷᠡᠴᠢᠯᠡᠬᠦ ᠳᠦ ᠨᠡᠯᠢᠶᠡᠳ ᠬᠦᠴᠢᠷᠲᠡᠶ ᠪᠣᠯᠪᠠᠴᠤ ᠭᠠᠵᠠᠷ ᠳᠣᠣᠷᠠᠬᠢ ᠠᠭᠤᠷᠬᠠᠶ ᠶᠢᠨ ᠪᠤᠯᠠᠭᠳᠠᠴᠠ ᠪᠠᠷ ᠡᠯᠪᠡᠭ ᠂ ᠳᠠᠪᠤᠰᠤ ᠂ ᠬᠤᠵᠢᠷ ᠂ ᠱᠡᠤ ᠂ ᠵᠤᠭᠠᠩ ᠵᠡᠷᠭᠡ ᠡᠯᠪᠡᠭ ᠭᠠᠷᠳᠠᠭ ᠃ ᠵᠢᠱᠢᠶᠡᠯᠡᠪᠡᠯ ᠲᠩᠷᠢ ᠡᠯᠡᠰᠦᠨ ᠳᠦ ᠂ ᠶᠡᠬᠡ ᠪᠠᠭ᠎ᠠ 422 ᠨᠠᠭᠤᠷ ᠲᠠᠷᠬᠠᠵᠤ ᠂ ᠣᠯᠠᠩᠬᠢ ᠨᠢ ᠬᠤᠵᠢᠷᠯᠢᠭ ᠨᠠᠭᠤᠷ ᠪᠣᠯᠤᠨ᠎ᠠ᠃