ᠵᠤᠬᠢᠶᠠᠭᠴᠢ:
ᠴᠠᠭ:2021-05-31
ᠥᠵᠡᠭᠰᠡᠨ : ℃
ᠢᠷᠡᠯᠲᠡ:
ᠪᠤᠭᠤᠲᠤ ᠬᠣᠲᠠ
ᠪᠤᠭᠤᠲᠤ ᠬᠣᠲᠠ ᠪᠣᠯ ᠳᠤᠮᠳᠠᠳᠤ ᠤᠯᠤᠰ ᠤᠨ ᠦᠨᠳᠦᠰᠦᠲᠡᠨ ᠦ ᠭᠠᠵᠠᠷ ᠣᠷᠣᠨ ᠤ ᠬᠠᠮᠤᠭ ᠤᠨ ᠶᠡᠬᠡ ᠠᠵᠤ ᠦᠶᠯᠡᠳᠪᠦᠷᠢ ᠶᠢᠨ ᠬᠣᠲᠠ ᠶᠢᠨ ᠨᠢᠭᠡ ᠪᠣᠯᠬᠤ ᠪᠥᠭᠡᠳ ᠪᠠᠰᠠ ᠳᠤᠮᠳᠠᠳᠤ ᠤᠯᠤᠰ ᠤᠨ ᠬᠠᠮᠤᠭ ᠤᠨ ᠶᠡᠬᠡ ᠬᠣᠪᠣᠷ ᠰᠢᠷᠣᠶ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠪᠠ ᠠᠯᠳᠠᠷᠲᠤ ᠪᠣᠯᠣᠳ ᠲᠡᠮᠦᠷ ᠂ ᠮᠠᠰᠢᠨ ᠮᠧᠬᠠᠨᠢᠭ ᠂ ᠥᠩᠭᠡᠲᠦ ᠲᠡᠮᠦᠷᠯᠢᠭ ᠂ ᠨᠡᠬᠡᠮᠡᠯ ᠦᠨ ᠠᠵᠤ ᠦᠶᠯᠡᠳᠪᠦᠷᠢ ᠶᠢᠨ ᠰᠠᠭᠤᠷᠢᠨ ᠭᠠᠵᠠᠷ ᠪᠠᠶᠢᠵᠤ ᠂ 《 ᠲᠠᠯ᠎ᠠ ᠨᠤᠲᠤᠭ ᠤᠨ ᠪᠣᠯᠣᠳ ᠬᠣᠲᠠ 》《 ᠬᠣᠪᠣᠷ ᠰᠢᠷᠣᠶ ᠶᠢᠨ ᠨᠤᠲᠤᠭ 》 ᠶᠤᠮ᠃
2018 ᠣᠨ ᠤ ᠡᠴᠦᠰ ᠲᠦ ᠂ ᠪᠥᠬᠥ ᠬᠣᠲᠠ ᠶᠢᠨ ᠪᠠᠶᠢᠩᠭᠤ ᠰᠠᠭᠤᠭ᠎ᠠ ᠶᠡᠷᠦᠩᠬᠡᠶ ᠬᠥᠮᠦᠨ ᠠᠮᠠ 288 . 9 ᠲᠦᠮᠡ ᠪᠠᠶᠢᠵᠤ ᠂ 2017 ᠣᠨ ᠤ ᠡᠴᠦᠰ ᠦᠨ ᠬᠢ ᠡᠴᠡ 1.1 ᠲᠦᠮᠡ ᠨᠡᠮᠡᠭᠳᠡᠵᠡᠶ ᠂ ᠡᠭᠦᠨ ᠳᠦ ᠬᠣᠲᠠ ᠪᠠᠯᠭᠠᠰᠤᠨ ᠤ ᠬᠥᠮᠦᠨ ᠠᠮᠠ 241.4 ᠲᠦᠮᠡ ᠪᠠᠶᠢᠵᠤ ᠂ ᠶᠡᠷᠦᠩᠬᠡᠶ ᠬᠥᠮᠦᠨ ᠠᠮᠠ ᠡᠵᠡᠯᠡᠬᠦ ᠬᠤᠪᠢ ᠶᠢᠨ ᠵᠢᠩ ( ᠪᠠᠶᠢᠩᠭᠤ ᠰᠠᠭᠤᠭ᠎ᠠ ᠬᠥᠮᠦᠨ ᠠᠮᠠ ᠶᠢᠨ ᠬᠣᠲᠠ ᠪᠠᠯᠭᠠᠰᠤᠵᠢᠯᠲᠠ ᠶᠢᠨ ᠨᠣᠷᠮ᠎ᠠ ) 83.6% ᠪᠠᠶᠢᠵᠤ ᠂ 2017 ᠣᠨ ᠤ ᠬᠢ ᠡᠴᠡ 0.3 % ᠪᠡᠷ ᠳᠡᠭᠡᠭᠰᠢᠯᠡᠵᠡᠶ᠃ 2018 ᠣᠨ ᠳᠤ ᠂ ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠢᠶᠠᠷ ᠂ ᠪᠥᠬᠥ ᠬᠣᠲᠠ ᠶᠢᠨ ᠭᠠᠵᠠᠷ ᠣᠷᠣᠨ ᠤ ᠦᠶᠯᠡᠳᠪᠦᠷᠢᠯᠡᠯ ᠦᠨ ᠶᠡᠷᠦᠩᠬᠡᠶ ᠥᠷᠲᠡᠭ ᠢ ᠠᠳᠠᠯᠢᠳᠬᠠᠵᠤ ᠪᠣᠯᠬᠤ ᠦᠨ᠎ᠡ ᠪᠡᠷ ᠪᠤᠳᠤᠪᠠᠯ 2017 ᠣᠨ ᠤ ᠬᠢ ᠡᠴᠡ 6.8% ᠪᠠᠷ ᠃ ᠡᠭᠦᠨ ᠳᠦ ᠂ ᠨᠢᠭᠡᠳᠦᠭᠡᠷ ᠠᠵᠤ ᠦᠢᠯᠡᠰ ᠦᠨ ᠨᠡᠮᠡᠭᠳᠡᠯ ᠥᠷᠲᠡᠭ 3.8% ᠪᠡᠷ ᠂ ᠬᠣᠶᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ 8.3 % ᠪᠡᠷ ᠂ ᠭᠤᠷᠪᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ 6.0% ᠃
2019 ᠣᠨ ᠤ ᠡᠴᠦᠰ ᠲᠦ ᠂ ᠪᠥᠬᠥ ᠬᠣᠲᠠ ᠶᠢᠨ ᠪᠠᠶᠢᠩᠭᠤ ᠰᠠᠭᠤᠭ᠎ᠠ ᠶᠡᠷᠦᠩᠬᠡᠶ ᠬᠥᠮᠦᠨ ᠠᠮᠠ 289.7 ᠲᠦᠮᠡ ᠪᠠᠶᠢᠵᠤ ᠂ 2018 ᠣᠨ ᠤ ᠡᠴᠦᠰ ᠦᠨ ᠬᠢ ᠡᠴᠡ 0.8 ᠲᠦᠮᠡ ᠨᠡᠮᠡᠭᠳᠡᠵᠡᠶ ᠂ ᠡᠭᠦᠨ ᠳᠦ ᠬᠣᠲᠠ ᠪᠠᠯᠭᠠᠰᠤᠨ ᠤ ᠬᠥᠮᠦᠨ ᠠᠮᠠ 243.1 ᠲᠦᠮᠡ ᠂ ᠬᠥᠳᠡᠭᠡ ᠲᠣᠰᠬᠣᠨ ᠤ ᠬᠥᠮᠦᠨ ᠠᠮᠠ 46.6 ᠲᠦᠮᠡ ᠪᠠᠶᠢᠵᠤ ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠣᠲᠠ ᠪᠠᠯᠭᠠᠰᠤᠵᠢᠯᠲᠠ ᠶᠢᠨ ᠨᠣᠷᠮ᠎ᠠ 83.9 % ᠪᠠᠶᠢᠵᠤ ᠂ 2018 ᠣᠨ ᠤ ᠬᠢ ᠡᠴᠡ 0.3 % ᠪᠠᠷ ᠳᠡᠭᠡᠭᠰᠢᠯᠡᠪᠡ᠃ 2019 ᠣᠨ ᠳᠤ ᠂ ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠢᠶᠠᠷ ᠂ ᠪᠥᠬᠥ ᠵᠢᠯ ᠦᠨ ᠭᠠᠵᠠᠷ ᠣᠷᠣᠨ ᠤ ᠦᠶᠯᠡᠳᠪᠦᠷᠢᠯᠡᠯ ᠦᠨ ᠶᠡᠷᠦᠩᠬᠡᠶ ᠥᠷᠲᠡᠭ 2714.5 ᠳ᠋ᠦᠩᠰᠢᠭᠤᠷ ᠲᠥᠭᠥᠷᠢᠭ ᠲᠦ ᠬᠦᠷᠴᠦ ᠂ ᠳᠥᠷᠪᠡᠳᠦᠭᠡᠷ ᠤᠳᠠᠭᠠᠨ ᠤ ᠪᠥᠬᠥ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠵᠠᠰᠠᠪᠤᠷᠢ ᠣᠷᠣᠭᠤᠯᠤᠭᠰᠠᠨ ᠲᠣᠭ᠎ᠠ ᠪᠠᠷᠢᠮᠲᠠ ᠶᠢᠨ ᠳᠠᠷᠠᠭᠠᠬᠢ ᠠᠳᠠᠯᠢ ᠪᠠᠷᠢᠮᠵᠢᠶ᠎ᠠ ᠪᠠᠷ ᠪᠤᠳᠤᠪᠠᠯ ᠂ 2018 ᠣᠨ ᠤ ᠬᠢ ᠡᠴᠡ 6.0 % ᠢᠶᠠᠷ ᠨᠡᠮᠡᠭᠳᠡᠪᠡ᠃