ᠵᠤᠬᠢᠶᠠᠭᠴᠢ:
ᠴᠠᠭ:2021-11-29
ᠥᠵᠡᠭᠰᠡᠨ : ℃
ᠢᠷᠡᠯᠲᠡ:
ᠤᠯᠠᠭᠠᠨᠬᠠᠳᠠ ᠬᠣᠲᠠ ᠶᠢᠨ ᠬᠤᠩᠱᠠᠨ ᠲᠣᠭᠣᠷᠢᠭ ( ᠲᠠᠪᠤ )
1983 ᠣᠨ ᠤ 10 ᠰᠠᠷ᠎ᠠ ᠳᠤ ᠂ ᠵᠤᠤ ᠤᠳᠠ ᠠᠶᠢᠮᠠᠭ ᠢ ᠬᠠᠰᠤᠵᠤ ᠂ ᠲᠤᠰᠬᠠᠢ ᠣᠷᠣᠨ ᠤ ᠲᠡᠰ ᠤᠨ ᠤᠯᠠᠭᠠᠨᠬᠠᠳᠠ ᠬᠤᠲᠠ ᠶᠢ ᠪᠠᠶᠢᠭᠤᠯᠵᠤ ᠂ ᠬᠤᠲᠠ ᠠᠴᠠ ᠰᠢᠶᠠᠨ ᠢ ᠬᠠᠮᠢᠶᠠᠷᠬᠤ ᠬᠡᠷᠡᠭᠵᠢᠭᠦᠯᠵᠦ ᠂ ᠤᠤᠯ ᠤᠨ ᠤᠯᠠᠭᠠᠨᠬᠠᠳᠠ ᠬᠤᠲᠠ ᠶᠢ ᠬᠤᠩᠱᠠᠨ ᠲᠣᠭᠣᠷᠢᠭ ᠪᠣᠯᠭᠠᠨ
1984 ᠣᠨ ᠳᠤ ᠂ ᠳ᠋ᠦᠩ ᠴᠧᠩ ᠂ ᠨᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠰᠢᠨ᠎ᠡ ᠪᠡᠷ ᠪᠠᠶᠢᠭᠤᠯᠪᠠ ᠡᠶᠢᠮᠦᠷᠬᠦ ᠲᠣᠮᠢᠯᠠᠭᠰᠠᠨ ᠪᠠᠶᠢᠭᠤᠯᠤᠮᠵᠢ ᠨᠡᠮᠡᠭᠳᠡᠭᠡᠳ 7 ᠪᠣᠯᠪᠠ
1988 ᠣᠨ ᠳᠤ ᠂ ᠬᠣᠩ ᠮᠢᠶᠣᠣ ᠽᠢ ᠰᠢᠶᠠᠩ ᠂ ᠴᠢᠶᠣᠤ ᠪᠸ᠋ᠢ ᠰᠢᠶᠠᠩ ᠢ ᠪᠠᠯᠭᠠᠰᠤᠨ ᠤ ᠪᠠᠶᠢᠭᠤᠯᠤᠮᠵᠢ ᠪᠣᠯᠭᠠᠨ ᠥᠭᠡᠷᠡᠴᠢᠯᠡᠪᠡ᠃
1991 ᠣᠨ ᠳᠤ ᠂ ᠬᠤᠩᠱᠠᠨ ᠲᠣᠭᠣᠷᠢᠭ 1 ᠰᠢᠶᠠᠩ 2 ᠪᠠᠯᠭᠠᠰᠤ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶᠠᠯᠠᠵᠤ ᠃ 1999 ᠣᠨ ᠳᠤ ᠂ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠬᠠᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠰᠢᠨ᠎ᠡ ᠪᠡᠷ ᠪᠠᠶᠢᠭᠤᠯᠪᠠ᠃
2005 ᠣᠨ ᠳᠤ ᠂ 1 ᠰᠢᠶᠠᠩ 3 ᠪᠠᠯᠭᠠᠰᠤ 9 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 33 ᠵᠠᠰᠠᠭ ᠵᠠᠬᠢᠷᠭᠠᠨ ᠤ ᠲᠣᠰᠬᠣᠨ ᠂ 67 ᠨᠡᠶᠢᠭᠡᠮ ᠲᠣᠭᠣᠷᠢᠭ ᠤᠨ ᠰᠠᠭᠤᠭᠠᠯᠢ ᠠᠷᠠᠳ ᠤᠨ ᠵᠥᠪᠯᠡᠯ ᠬᠠᠷᠢᠶᠠᠯᠠᠵᠤ ᠃
2007 ᠣᠨ ᠳᠤ ᠂ 11 ᠰᠢᠶᠠᠩ ( ᠪᠠᠯᠭᠠᠰᠤ ᠂ ᠰᠤᠮᠤ ᠂ ᠬᠡᠷᠡᠭ ᠡᠷᠬᠢᠯᠡᠬᠦ ᠭᠠᠵᠠᠷ ) ᠂ 94 ᠵᠠᠰᠠᠭ ᠵᠠᠬᠢᠷᠭᠠᠨ ᠤ ᠭᠠᠴᠠᠭ᠎ᠠ ( ᠰᠠᠭᠤᠭᠠᠯᠢ ᠠᠷᠠᠳ ᠤᠨ ᠵᠥᠪᠯᠡᠯ ) ᠬᠠᠷᠢᠶᠠᠯᠠᠵᠤ ᠃
2008 ᠣᠨ ᠳᠤ ᠂ 13 ᠰᠢᠶᠠᠩ ( ᠪᠠᠯᠭᠠᠰᠤ ᠂ ᠰᠤᠮᠤ ᠂ ᠬᠡᠷᠡᠭ ᠡᠷᠬᠢᠯᠡᠬᠦ ᠭᠠᠵᠠᠷ ) ᠂ 94 ᠵᠠᠰᠠᠭ ᠵᠠᠬᠢᠷᠭᠠᠨ ᠤ ᠲᠣᠰᠬᠣᠨ ( ᠰᠠᠭᠤᠭᠠᠯᠢ ᠠᠷᠠᠳ ᠤᠨ ᠵᠥᠪᠯᠡᠯ ) ᠬᠠᠷᠢᠶᠠᠯᠠᠵᠤ ᠃
2009 ᠣᠨ ᠳᠤ ᠂ 2 ᠪᠠᠯᠭᠠᠰᠤ ᠂ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 27 ᠵᠠᠰᠠᠭ ᠵᠠᠬᠢᠷᠭᠠᠨ ᠤ ᠲᠣᠰᠬᠣᠨ ᠂ 67 ᠨᠡᠶᠢᠭᠡᠮ ᠲᠣᠭᠣᠷᠢᠭ ᠤᠨ ᠰᠠᠭᠤᠭᠠᠯᠢ ᠠᠷᠠᠳ ᠤᠨ ᠵᠥᠪᠯᠡᠯ ᠬᠠᠷᠢᠶᠠᠯᠠᠵᠤ ᠃
2010 ᠣᠨ ᠳᠤ ᠂ 13 ᠰᠢᠶᠠᠩ ( ᠪᠠᠯᠭᠠᠰᠤ ᠂ ᠰᠤᠮᠤ ᠂ ᠬᠡᠷᠡᠭ ᠡᠷᠬᠢᠯᠡᠬᠦ ᠭᠠᠵᠠᠷ ) ᠂ 94 ᠵᠠᠰᠠᠭ ᠵᠠᠬᠢᠷᠭᠠᠨ ᠤ ᠲᠣᠰᠬᠣᠨ ( ᠰᠠᠭᠤᠭᠠᠯᠢ ᠠᠷᠠᠳ ᠤᠨ ᠵᠥᠪᠯᠡᠯ ) ᠬᠠᠷᠢᠶᠠᠯᠠᠵᠤ ᠃
2012 ᠣᠨ ᠳᠤ ᠂ 2 ᠪᠠᠯᠭᠠᠰᠤ ᠂ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 27 ᠵᠠᠰᠠᠭ ᠵᠠᠬᠢᠷᠭᠠᠨ ᠤ ᠲᠣᠰᠬᠣᠨ ᠂ 68 ᠨᠡᠶᠢᠭᠡᠮ ᠲᠣᠭᠣᠷᠢᠭ ᠬᠠᠷᠢᠶᠠᠯᠠᠵᠤ ᠃
2017 ᠣᠨ ᠳᠤ ᠂ ᠬᠤᠩᠱᠠᠨ ᠲᠣᠭᠣᠷᠢᠭ ᠤᠨ ᠰᠢ ᠴᠧᠩ ᠵᠡᠭᠡᠯᠢ ᠭᠤᠳᠤᠮᠵᠢ ᠳᠤ ᠳ᠋ᠠᠪᠠᠨ ᠡᠮᠦᠨ᠎ᠡ ᠵᠠᠮ ᠂ ᠪᠦᠦ ᠱᠠᠨ ᠵᠠᠮ ᠂ ᠪᠠ ᠯᠢ ᠵᠡᠷᠭᠡ 3 ᠰᠠᠭᠤᠭᠠᠯᠢ ᠠᠷᠠᠳ ᠤᠨ ᠵᠥᠪᠯᠡᠯ ᠢ ᠰᠢᠨ᠎ᠡ ᠪᠡᠷ ᠪᠠᠶᠢᠭᠤᠯᠵᠤ ᠂ ᠬᠤᠩᠱᠠᠨ ᠲᠣᠭᠣᠷᠢᠭ ᠲᠤ 2 ᠪᠠᠯᠭᠠᠰᠤ ᠂ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 27 ᠵᠠᠰᠠᠭ ᠵᠠᠬᠢᠷᠭᠠᠨ ᠤ ᠲᠣᠰᠬᠣᠨ ᠂ 55 ᠨᠡᠶᠢᠭᠡᠮ ᠲᠣᠭᠣᠷᠢᠭ ᠬᠠᠷᠢᠶᠠᠯᠠᠵᠤ ᠃
2019 ᠪᠣᠯᠲᠠᠯ᠎ᠠ ᠂ ᠬᠤᠩᠱᠠᠨ ᠲᠣᠭᠣᠷᠢᠭ ᠲᠤ 2 ᠪᠠᠯᠭᠠᠰᠤ ᠂ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 27 ᠵᠠᠰᠠᠭ ᠵᠠᠬᠢᠷᠭᠠᠨ ᠤ ᠲᠣᠰᠬᠣᠨ ᠂ 57 ᠨᠡᠶᠢᠭᠡᠮ ᠲᠣᠭᠣᠷᠢᠭ ᠬᠠᠷᠢᠶᠠᠯᠠᠵᠤ ᠃