ᠵᠤᠬᠢᠶᠠᠭᠴᠢ:
ᠴᠠᠭ:2022-01-21
ᠥᠵᠡᠭᠰᠡᠨ : ℃
ᠢᠷᠡᠯᠲᠡ: ᠥᠪᠥᠷ ᠮᠣᠩᠭᠣᠯ
ᠤᠯᠠᠭᠠᠨᠬᠠᠳᠠ ᠬᠣᠲᠠ ᠶᠢᠨ ᠬᠠᠷᠠᠴᠢᠨ ᠬᠣᠰᠢᠭᠤ ( ᠨᠢᠭᠡ )
ᠬᠠᠷᠠᠴᠢᠨ ᠬᠣᠰᠢᠭᠤ ᠤᠯᠠᠭᠠᠨᠬᠠᠳᠠ ᠬᠣᠲᠠ ᠶᠢᠨ ᠪᠠᠷᠠᠭᠤᠨ ᠡᠮᠦᠨ᠎ᠡ ᠪᠡᠶ᠎ᠡ ᠪᠡᠷ ᠪᠠᠶᠢᠷᠢᠯᠠᠵᠤ ᠂ ᠪᠦᠬᠦ ᠶᠠᠨᠱᠠᠨ ᠠᠭᠤᠯᠠ ᠶᠢᠨ ᠰᠢᠰᠲ᠋ᠧᠮ ᠦᠨ ᠠᠭᠤᠯᠠ ᠨᠢᠷᠤᠭᠤ ᠶᠢᠨ ᠳᠤᠮᠳᠠ ᠠᠭᠤᠯᠠ ᠂ ᠠᠭᠤᠯᠠ ᠳᠣᠪᠣᠷᠬᠠᠭ ᠤᠨ ᠣᠷᠣᠨ ᠳᠤ ᠬᠠᠷᠢᠶᠠᠯᠠᠭᠳᠠᠵᠤ ᠂ ᠲᠠᠯ᠎ᠠ ᠭᠠᠵᠠᠷ ᠤᠨ ᠣᠯᠠᠩᠬᠢ ᠨᠢ ᠯᠤᠤᠬ᠎ᠠ ᠭᠣᠣᠯ ᠤᠨ ᠪᠠᠷᠠᠭᠤᠨ ᠡᠷᠭᠢ ᠪᠣᠯᠤᠨ ᠰᠢᠪᠡᠭᠡ ᠭᠣᠣᠯ ᠤᠨ ᠳᠣᠣᠷᠠᠳᠤ ᠤᠷᠤᠰᠬᠠᠯ ᠳᠤ ᠲᠠᠷᠬᠠᠵᠤ ᠃ ᠵᠡᠭᠦᠨᠰᠢ ᠪᠡᠨ ᠯᠢᠶᠣᠤᠨᠢᠩ ᠮᠤᠵᠢ ᠶᠢᠨ ᠵᠢᠶᠠᠨ ᠫᠢᠩ ᠰᠢᠶᠠᠨ ᠲᠠᠶ ᠯᠤᠤᠬ᠎ᠠ ᠭᠣᠣᠯ ᠢᠶᠠᠷ ᠵᠠᠭᠠᠭ ᠪᠣᠯᠭᠠᠵᠤ ᠂ ᠡᠮᠦᠨᠡᠰᠢ ᠪᠡᠨ ᠤᠯᠠᠭᠠᠨᠬᠠᠳᠠ ᠬᠣᠲᠠ ᠶᠢᠨ ᠨᠢᠩᠴᠧᠩ ᠰᠢᠶᠠᠨ ᠲᠠᠶ ᠵᠠᠯᠭᠠᠯᠳᠤᠵᠤ ᠂ ᠪᠠᠷᠠᠭᠤᠨᠰᠢ ᠪᠠᠨ ᠾᠧᠪᠧᠶ ᠮᠤᠵᠢ ᠶᠢᠨ ᠸᠧᠶ ᠴᠠᠩ ᠰᠢᠶᠠᠨ ᠂ ᠯᠦᠩ ᠬᠤᠸᠠ ᠰᠢᠶᠠᠨ ᠲᠠᠶ ᠵᠠᠬ᠎ᠠ ᠨᠡᠶᠢᠯᠡᠵᠦ ᠂ ᠤᠮᠠᠷᠠᠰᠢ ᠤᠯᠠᠭᠠᠨᠬᠠᠳᠠ ᠬᠣᠲᠠ ᠶᠢᠨ ᠰᠦᠩᠱᠠᠨ ᠲᠣᠭᠣᠷᠢᠭ ᠂ ᠶᠤᠸᠠᠨ ᠪᠦᠦ ᠱᠠᠨ ᠲᠣᠭᠣᠷᠢᠭ ᠲᠠᠶ ᠬᠥᠷᠰᠢᠯᠡᠵᠦ ᠃ ᠵᠡᠭᠦᠨᠰᠢ ᠪᠠᠷᠠᠭᠤᠨᠰᠢ ᠣᠷᠳᠣ ᠨᠢ ᠪᠠᠷᠤᠭ 104 ᠺᠢᠯᠣᠮᠧᠲ᠋ᠷ ᠂ ᠡᠮᠦᠨᠡᠰᠢ ᠤᠮᠠᠷᠠᠰᠢ ᠥᠷᠭᠡᠨ ᠨᠢ ᠪᠠᠷᠤᠭ 75 ᠺᠢᠯᠣᠮᠧᠲ᠋ᠷ ᠂ ᠲᠠᠯᠠᠪᠠᠶ ᠨᠢ 3071 ᠲᠡᠭᠰᠢ ᠳᠥᠷᠪᠡᠯᠵᠢᠨ ᠺᠢᠯᠣᠮᠧᠲ᠋ᠷ ᠃
ᠬᠠᠷᠠᠴᠢᠨ ᠬᠣᠰᠢᠭᠤᠨ ᠤ ᠭᠠᠵᠠᠷ ᠤᠨ ᠨᠢ ᠨᠠᠷᠢᠨ ᠪᠤᠳᠤᠯᠢᠶᠠᠨᠲᠠᠶ ᠪᠥᠭᠡᠳ ᠣᠯᠠᠨ ᠶᠠᠩᠵᠤ ᠶᠢᠨ ᠪᠠᠶᠢᠵᠤ ᠂ ᠭᠠᠵᠠᠷ ᠤᠨ ᠪᠠᠶᠢᠴᠠ ᠨᠢ ᠪᠠᠷᠠᠭᠤᠨ ᠡᠮᠦᠨ᠎ᠡ ᠡᠴᠡ ᠵᠡᠭᠦᠨ ᠬᠣᠶᠢᠰᠢ ᠬᠡᠯᠪᠡᠶᠢᠵᠦ ᠂ ᠳᠤᠮᠳᠠ ᠠᠭᠤᠯᠠᠷᠬᠠᠭ ᠭᠠᠵᠠᠷ ᠂ ᠪᠠ ᠭᠣᠣᠯ ᠤᠨ ᠬᠥᠨᠳᠡᠶ ᠶᠢᠨ ᠲᠠᠯ᠎ᠠ ᠭᠠᠵᠠᠷ ᠵᠡᠷᠭᠡ 3 ᠵᠦᠢᠯ ᠦᠨ ᠭᠠᠵᠠᠷ ᠤᠨ ᠶᠢᠨ ᠬᠡᠯᠪᠡᠷᠢ ᠶᠢ ᠃ ᠳᠠᠯᠠᠶ ᠶᠢᠨ ᠲᠦᠪᠰᠢᠨ ᠡᠴᠡ 500 ~ 1890.9 ᠮᠧᠲ᠋ᠷ ᠡᠷᠭᠦᠭᠳᠡᠭᠰᠡᠨ ᠪᠠᠶᠢᠨ᠎ᠠ᠃ ᠬᠠᠷᠠᠴᠢᠨ ᠪᠠᠷᠠᠭᠤᠨ ᠣᠯᠠᠩᠬᠢ ᠨᠢ ᠠᠭᠤᠯᠠᠷᠬᠠᠭ ᠣᠷᠣᠨ ᠂ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠨᠡᠯᠢᠶᠡᠳ ᠰᠠᠶᠢᠨ ᠪᠠᠶᠢᠵᠤ ᠂ ᠬᠠᠷᠠᠴᠢᠨ ᠬᠣᠰᠢᠭᠤᠨ ᠤ ᠪᠦᠬᠦ ᠨᠤᠲᠤᠭ ᠳᠡᠪᠢᠰᠬᠡᠷ ᠦᠨ 49.6 % ᠶᠢ ᠡᠵᠡᠯᠡᠵᠦ ᠳᠤᠮᠳᠠ ᠰᠢᠷ᠎ᠠ ᠰᠢᠷᠣᠶᠢᠲᠤ ᠳᠣᠪᠣᠷᠬᠠᠭ ᠵᠢᠴᠢ ᠠᠭᠤᠯᠠᠨ ᠬᠣᠷᠮᠣᠶ ᠶᠢᠨ ᠭᠠᠵᠠᠷ ᠣᠷᠣᠨ ᠪᠠᠶᠢᠵᠤ ᠂ ᠤᠷᠭᠤᠮᠠᠯ ᠤᠨ ᠬᠤᠴᠢᠯᠭ᠎ᠠ ᠨᠡᠯᠢᠶᠡᠳ ᠪᠠᠭ᠎ᠠ ᠂ ᠬᠠᠷᠠᠴᠢᠨ ᠬᠣᠰᠢᠭᠤᠨ ᠤ ᠶᠡᠷᠦᠩᠬᠡᠶ ᠭᠠᠵᠠᠷ ᠰᠢᠷᠣᠶ ᠶᠢᠨ ᠲᠠᠯᠠᠪᠠᠶ ᠶᠢᠨ 37.4 % ᠶᠢ ᠡᠵᠡᠯᠡᠵᠦ ᠵᠡᠭᠦᠨ ᠯᠤᠤᠬ᠎ᠠ ᠭᠣᠣᠯ ᠤᠨ ᠬᠥᠪᠡᠭᠡ ᠵᠢᠴᠢ ᠰᠢᠪᠡᠭᠡ ᠭᠣᠣᠯ ᠤᠨ ᠡᠷᠭᠢ ᠳᠠᠭᠠᠤ ᠨᠢ ᠭᠣᠣᠯ ᠤᠨ ᠬᠥᠨᠳᠡᠶ ᠶᠢᠨ ᠲᠠᠯ᠎ᠠ ᠭᠠᠵᠠᠷ ᠪᠠᠶᠢᠵᠤ ᠂ ᠰᠢᠷᠣᠶ ᠶᠢᠨ ᠳᠠᠪᠬᠤᠷᠭ᠎ᠠ ᠨᠢ ᠨᠡᠯᠢᠶᠡᠳ ᠵᠤᠵᠠᠭᠠᠨ ᠂ ᠤᠰᠤᠨ ᠤ ᠡᠬᠢ ᠪᠠᠶᠠᠯᠢᠭ ᠨᠡᠯᠢᠶᠡᠳ ᠡᠯᠪᠡᠭ ᠂ ᠬᠠᠷᠠᠴᠢᠨ ᠬᠣᠰᠢᠭᠤᠨ ᠤ ᠳᠣᠲᠣᠷᠠᠬᠢ ᠠᠮᠤ ᠪᠤᠳᠠᠭ᠎ᠠ ᠭᠠᠷᠳᠠᠭ ᠭᠣᠣᠯ ᠣᠷᠣᠨ ᠪᠠᠶᠢᠵᠤ ᠂ ᠬᠠᠷᠠᠴᠢᠨ ᠬᠣᠰᠢᠭᠤᠨ ᠤ ᠪᠦᠬᠦ ᠭᠠᠵᠠᠷ ᠰᠢᠷᠣᠶ ᠶᠢᠨ ᠲᠠᠯᠠᠪᠠᠶ ᠶᠢᠨ 13 % ᠶᠢ ᠡᠵᠡᠯᠡᠵᠦ ᠃ ᠬᠠᠷᠠᠴᠢᠨ ᠬᠣᠰᠢᠭᠤᠨ ᠤ ᠭᠣᠣᠯ ᠮᠥᠷᠡᠨ 8 ᠪᠠᠶᠢᠵᠤ ᠂ ᠡᠭᠦᠨ ᠦ ᠳᠣᠲᠣᠷ᠎ᠠ ᠰᠢᠪᠡᠭᠡ ᠭᠣᠣᠯ ᠬᠠᠮᠤᠭ ᠤᠷᠲᠤ ᠂ 101 ᠺᠢᠯᠣᠮᠧᠲ᠋ᠷ ᠃
ᠬᠠᠷᠠᠴᠢᠨ ᠬᠣᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠂ ᠡᠯ᠎ᠡ ᠲᠥᠷᠥᠯ ᠦᠨ ᠬᠦᠳᠡᠷ ᠦᠨ ᠬᠡᠪᠲᠡᠰᠢ ᠶᠢᠨ ᠠᠭᠤᠷᠬᠠᠶ ᠶᠢᠨ ᠴᠡᠭ 160 ᠭᠠᠷᠤᠶ ᠪᠠᠶᠢᠵᠤ ᠂ ᠡᠭᠦᠨ ᠦ ᠳᠣᠲᠣᠷ᠎ᠠ ᠬᠠᠶᠢᠯᠤᠭᠤᠷ ᠵᠣᠩᠰᠢ ᠶᠢᠨ ᠬᠠᠳᠠᠭᠠᠯᠠᠭᠳᠠᠴᠠ ᠡᠯᠪᠡᠭ ᠂ ᠴᠢᠨᠠᠷ ᠰᠠᠶᠢᠲᠠᠶ ᠪᠠᠶᠢᠵᠤ ᠂ ᠴᠢᠬᠤᠯᠠ ᠠᠭᠤᠷᠬᠠᠶ ᠶᠢᠨ ᠭᠠᠷᠤᠯᠲᠠ ᠪᠣᠯᠤᠨ᠎ᠠ᠃ ᠬᠠᠷᠠᠴᠢᠨ ᠬᠣᠰᠢᠭᠤᠨ ᠤ ᠪᠠᠷᠠᠭᠤᠨ ᠡᠮᠦᠨ᠎ᠡ ᠣᠯᠠᠨ ᠂ ᠬᠡᠭᠡᠷ᠎ᠡ ᠶᠢᠨ ᠤᠷᠭᠤᠮᠠᠯ ᠡᠯᠪᠡᠭ ᠂ ᠬᠡᠭᠡᠷ᠎ᠡ ᠶᠢᠨ ᠠᠮᠢᠲᠠᠨ ᠤ ᠬᠦᠷᠢᠶᠡᠯᠡᠩ ᠃ 95 ᠰᠠᠯᠠᠭ᠎ᠠ 371 ᠲᠥᠷᠥᠯ ᠦᠨ 803 ᠵᠦᠶᠯ ᠢ ᠢᠯᠡᠷᠡᠭᠦᠯᠪᠡ ᠨᠢᠴᠦᠭᠦᠨ ᠦᠷᠡᠲᠦ ᠤᠷᠭᠤᠮᠠᠯ 3 ᠢᠵᠠᠭᠤᠷ 5 ᠲᠥᠷᠥᠯ 5 ᠵᠦᠢᠯ ᠪᠦᠷᠬᠦᠭᠦᠯ ᠦᠷᠡᠲᠦ ᠤᠷᠭᠤᠮᠠᠯ 83 ᠢᠵᠠᠭᠤᠷ 353 ᠲᠥᠷᠥᠯ ᠦᠨ 777 ᠵᠦᠶᠯ ᠂ ᠡᠯ᠎ᠡ ᠵᠦᠶᠯ ᠦᠨ ᠮᠡᠷᠡᠭᠴᠢ ᠠᠮᠢᠲᠠᠨ 26 ᠵᠦᠶᠯ ᠃
ᠬᠠᠷᠠᠴᠢᠨ ᠬᠣᠰᠢᠭᠤᠨ ᠤ ᠠᠭᠤᠯᠠ ᠤᠰᠤ ᠦᠵᠡᠰᠬᠦᠯᠡᠩᠲᠦ ᠰᠠᠶᠢᠬᠠᠨ ᠂ ᠥᠩᠭᠡ ᠦᠵᠡᠮᠵᠢ ᠣᠨᠴᠠᠭᠠᠶ ᠂ ᠨᠡᠯᠢᠶᠡᠳ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠠᠶ᠃