ᠵᠤᠬᠢᠶᠠᠭᠴᠢ:
ᠴᠠᠭ:2022-02-12
ᠥᠵᠡᠭᠰᠡᠨ : ℃
ᠢᠷᠡᠯᠲᠡ: ᠥᠪᠥᠷ ᠮᠣᠩᠭᠣᠯ ᠣᠷᠣᠨ ᠨᠤᠲᠤᠭ
ᠤᠯᠠᠭᠠᠨᠬᠠᠳᠠ ᠬᠣᠲᠠ ᠶᠢᠨ ᠠᠤᠬᠠᠨ ᠬᠣᠰᠢᠭᠤ ( ᠳᠥᠷᠪᠡ )
1955 ᠣᠨ ᠤ 4 ᠰᠠᠷ᠎ᠠ ᠳᠤ ᠠᠤᠬᠠᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠢ ᠠᠤᠬᠠᠨ ᠬᠣᠰᠢᠭᠤᠨ ᠤ ᠠᠷᠠᠳ ᠤᠨ ᠵᠥᠪᠯᠡᠯ ᠭᠡᠵᠦ ᠃ 7 ᠰᠠᠷ᠎ᠠ ᠶᠢᠨ 30 ᠤ ᠡᠳᠦᠷ ᠂ ᠠᠤᠬᠠᠨ ᠬᠣᠰᠢᠭᠤ ᠶᠢ ᠷᠧ ᠾᠧ ᠮᠤᠵᠢ ᠠᠴᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠣᠣ ᠤᠳᠠ ᠠᠶᠢᠮᠠᠭ ( ᠣᠳᠣ ᠶᠢᠨ ᠤᠯᠠᠭᠠᠨᠬᠠᠳᠠ ᠬᠣᠲᠠ ) ᠲᠤ ᠬᠠᠷᠢᠶᠠᠯᠠᠭᠤᠯᠪᠠ᠃ 1968 ᠣᠨ ᠤ 3 ᠰᠠᠷ᠎ᠠ ᠳᠤ ᠠᠤᠬᠠᠨ ᠬᠣᠰᠢᠭᠤᠨ ᠤ ᠬᠤᠪᠢᠰᠬᠠᠯ ᠤᠨ ᠵᠥᠪᠯᠡᠯ ᠠᠤᠬᠠᠨ ᠬᠣᠰᠢᠭᠤᠨ ᠤ ᠠᠷᠠᠳ ᠤᠨ ᠵᠥᠪᠯᠡᠯ ᠢ ᠣᠷᠣᠪᠠ᠃ 1969 ᠣᠨ ᠤ 7 ᠰᠠᠷ᠎ᠠ ᠶᠢᠨ 5 ᠤ ᠡᠳᠦᠷ ᠂ ᠠᠤᠬᠠᠨ ᠬᠣᠰᠢᠭᠤ ᠵᠤᠤ ᠤᠳᠠ ᠠᠶᠢᠮᠠᠭ ᠢ ᠳᠠᠭᠠᠵᠤ ᠯᠢᠶᠣᠤᠨᠢᠩ ᠮᠤᠵᠢ ᠳᠤ ᠬᠠᠷᠢᠶᠠᠯᠠᠭᠳᠠᠪᠠ 1979 ᠣᠨ ᠤ 5 ᠰᠠᠷ᠎ᠠ ᠶᠢᠨ 30 ᠋ ᠤ ᠡᠳᠦᠷ ᠂ ᠠᠤᠬᠠᠨ ᠬᠣᠰᠢᠭᠤ ᠵᠤᠤ ᠤᠳᠠ ᠠᠶᠢᠮᠠᠭ ᠢ ᠳᠠᠭᠠᠵᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ ᠪᠤᠴᠠᠵᠤ ᠢᠷᠡᠪᠡ᠃ 1981 ᠣᠨ ᠳᠤ ᠂ ᠠᠤᠬᠠᠨ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠠᠴᠠ ᠠᠤᠬᠠᠨ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠢ᠎ᠠ ᠪᠠ ᠠᠷᠠᠳ ᠤᠨ ᠵᠠᠰᠠᠭ ᠤᠨ ᠣᠷᠳᠣᠨ ᠢ ᠰᠣᠩᠭᠣᠨ ᠭᠠᠷᠭᠠᠪᠠ᠃ 1983 ᠣᠨ ᠤ 10 ᠰᠠᠷ᠎ᠠ ᠶᠢᠨ 10 ᠋ ᠤ ᠡᠳᠦᠷ ᠂ ᠠᠤᠬᠠᠨ ᠬᠣᠰᠢᠭᠤ ᠤᠯᠠᠭᠠᠨᠬᠠᠳᠠ ᠬᠤᠳᠠ ᠶᠢᠨ ᠤᠳᠤᠷᠢᠳᠤᠯᠭ᠎ᠠ ᠳᠤ ᠬᠤᠪᠢᠶᠠᠭᠳᠠᠪᠠ᠃
1985 ᠣᠨ ᠳᠤ ᠠᠸᠬᠠᠨ ᠬᠣᠰᠢᠭᠤᠨ ᠳᠤ 24 ᠰᠢᠶᠠᠩ ᠂ 5 ᠪᠠᠯᠭᠠᠰᠤ ᠂ 1 ᠰᠤᠮᠤ ᠂ 322 ᠲᠣᠰᠬᠣᠨ ᠂ 2864 ᠭᠠᠴᠠᠭᠠᠨ ᠤ ᠠᠷᠠᠳ ᠤᠨ ᠳᠤᠭᠤᠶᠢᠯᠠᠩ ᠂ 4 ᠤᠯᠤᠰ ᠤᠨ ᠣᠶ ᠰᠢᠭᠤᠶ ᠶᠢᠨ ᠲᠠᠯᠠᠪᠠᠶ ᠪᠠ 1 ᠤᠰᠤᠨ ᠴᠥᠭᠥᠷᠥᠮ ᠦᠨ ᠬᠠᠮᠢᠶᠠᠷᠤᠯᠲᠠ ᠶᠢᠨ ᠭᠠᠵᠠᠷ ᠃
2001 ᠣᠨ ᠳᠤ ᠠᠤᠬᠠᠨ ᠬᠣᠰᠢᠭᠤᠨ ᠳᠤ 21 ᠰᠢᠶᠠᠩ ᠂ 7 ᠪᠠᠯᠭᠠᠰᠤ ᠂ 1 ᠰᠤᠮᠤ ᠃
2005 ᠣᠨ ᠳᠤ 7 ᠰᠢᠶᠠᠩ ᠂ 7 ᠪᠠᠯᠭᠠᠰᠤ ᠂ 1 ᠰᠤᠮᠤ ᠂ 297 ᠵᠠᠰᠠᠭ ᠵᠠᠬᠢᠷᠭᠠᠨ ᠤ ᠭᠠᠴᠠᠭ᠎ᠠ ᠲᠣᠰᠬᠣᠨ ᠂ 6 ᠰᠠᠭᠤᠭᠠᠯᠢ ᠠᠷᠠᠳ ᠤᠨ ᠵᠥᠪᠯᠡᠯ ᠃
2012 ᠣᠨ ᠳᠤ ᠂ 16 ᠰᠢᠶᠠᠩ ᠪᠠᠯᠭᠠᠰᠤ ᠰᠤᠮᠤ ᠂ 2 ᠬᠡᠷᠡᠭ ᠡᠷᠬᠢᠯᠡᠬᠦ ᠭᠠᠵᠠᠷ ᠂ 222 ᠲᠣᠰᠬᠣᠨ ( ᠭᠠᠴᠠᠭ᠎ᠠ ) ᠂ 15 ᠰᠠᠭᠤᠭᠠᠯᠢ ᠠᠷᠠᠳ ᠤᠨ ᠵᠥᠪᠯᠡᠯ ᠂ 6 ᠬᠤᠪᠢᠶᠠᠷᠢ ᠲᠠᠯᠠᠪᠠᠢ ᠃
2015 ᠣᠨ ᠳᠤ 15 ᠰᠢᠶᠠᠩ ᠪᠠᠯᠭᠠᠰᠤ ᠰᠤᠮᠤ ᠂ 3 ᠬᠡᠷᠡᠭ ᠡᠷᠬᠢᠯᠡᠬᠦ ᠭᠠᠵᠠᠷ ᠂ 222 ᠲᠣᠰᠬᠣᠨ ( ᠭᠠᠴᠠᠭ᠎ᠠ ) ᠂ 16 ᠰᠠᠭᠤᠭᠠᠯᠢ ᠠᠷᠠᠳ ᠤᠨ ᠵᠥᠪᠯᠡᠯ ᠃
2016 ᠣᠨ ᠳᠤ ᠂ 16 ᠰᠢᠶᠠᠩ ᠪᠠᠯᠭᠠᠰᠤ ᠰᠤᠮᠤ ᠂ 2 ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ ᠂ 222 ᠲᠣᠰᠬᠣᠨ ( ᠭᠠᠴᠠᠭ᠎ᠠ ) ᠂ 22 ᠰᠠᠭᠤᠭᠠᠯᠢ ᠠᠷᠠᠳ ᠤᠨ ᠵᠥᠪᠯᠡᠯ ᠃
2019 ᠪᠣᠯᠲᠠᠯ᠎ᠠ ᠂ ᠠᠤᠬᠠᠨ ᠬᠣᠰᠢᠭᠤᠨ ᠳᠤ 16 ᠰᠢᠶᠠᠩ ᠪᠠᠯᠭᠠᠰᠤ ᠰᠤᠮᠤ ᠂ 222 ᠵᠠᠰᠠᠭ ᠵᠠᠬᠢᠷᠭᠠᠨ ᠤ ᠲᠣᠰᠬᠣᠨ ( ᠭᠠᠴᠠᠭ᠎ᠠ ) ᠂ 24 ᠰᠠᠭᠤᠭᠠᠯᠢ ᠠᠷᠠᠳ ᠤᠨ ᠵᠥᠪᠯᠡᠯ ᠃