ᠵᠤᠬᠢᠶᠠᠭᠴᠢ:
ᠴᠠᠭ:2022-02-28
ᠥᠵᠡᠭᠰᠡᠨ : ℃
ᠢᠷᠡᠯᠲᠡ:
ᠬᠥᠯᠥᠨ ᠪᠣᠶᠢᠷ ᠬᠣᠲᠠ ᠶᠢᠨ ᠬᠠᠶᠢᠯᠠᠷ ᠲᠣᠭᠣᠷᠢᠭ ( ᠨᠢᠭᠡ )

ᠬᠠᠶᠢᠯᠠᠷ ᠲᠣᠭᠣᠷᠢᠭ ᠬᠥᠯᠥᠨ ᠪᠣᠶᠢᠷ ᠬᠣᠲᠠ ᠶᠢᠨ ᠳᠤᠮᠳᠠ ᠬᠡᠰᠡᠭ ᠦᠨ ᠪᠠᠷᠠᠭᠤᠨ ᠪᠡᠶ᠎ᠡ ᠂ ᠶᠡᠬᠡ ᠬᠢᠩᠭᠠᠨ ᠳᠠᠪᠠᠭᠠᠨ ᠤ ᠪᠠᠷᠠᠭᠤᠨ ᠬᠣᠶᠢᠲᠤ ᠬᠣᠷᠮᠣᠶ ᠂ ᠢᠮᠢᠨ ᠭᠣᠣᠯ ᠪᠣᠯᠤᠨ ᠬᠠᠶᠢᠯᠠᠷ ᠭᠣᠣᠯ ᠤᠨ ᠠᠭᠤᠯᠵᠠᠷ ᠲᠤ ᠃ ᠵᠡᠭᠦᠨ ᠲᠠᠯ᠎ᠠ ᠪᠠᠷ ᠢᠶᠠᠨ ᠶᠠᠭᠰᠢ ᠲᠠᠶ ᠬᠥᠷᠰᠢᠯᠡᠵᠦ ᠂ ᠡᠮᠦᠨ᠎ᠡ ᠲᠠᠯ᠎ᠠ ᠪᠠᠷ ᠢᠶᠠᠨ ᠡᠸᠡᠩᠬᠢ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤ ᠲᠠᠶ ᠵᠠᠯᠭᠠᠯᠳᠤᠵᠤ ᠂ ᠪᠠᠷᠠᠭᠤᠨ ᠂ ᠬᠣᠶᠢᠲᠤ ᠲᠠᠯ᠎ᠠ ᠪᠠᠷ ᠢᠶᠠᠨ ᠬᠠᠭᠤᠴᠢᠨ ᠪᠠᠷᠭᠤ ᠬᠣᠰᠢᠭᠤ ᠲᠠᠶ ᠵᠠᠬ᠎ᠠ ᠨᠡᠶᠢᠯᠡᠵᠦ ᠪᠠᠶᠢᠨ᠎ᠠ᠃ ᠲᠠᠯᠠᠪᠠᠶ ᠨᠢ 1440 ᠲᠡᠭᠰᠢ ᠳᠥᠷᠪᠡᠯᠵᠢᠨ ᠺᠢᠯᠣᠮᠧᠲ᠋ᠷ
ᠳᠤᠮᠳᠠ ᠰᠡᠷᠢᠭᠦᠨ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠵᠤᠨ ᠰᠡᠷᠢᠭᠦᠨ ᠲᠠᠭᠠᠯᠠᠮᠵᠢᠲᠠᠶ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠬᠡ ᠪᠠᠶᠢᠵᠤ ᠂ ᠵᠢᠯ ᠦᠨ ᠳᠤᠮᠳᠠᠴᠢ ᠲᠤᠨᠳᠠᠰᠤᠨ ᠤ ᠬᠡᠮᠵᠢᠶ᠎ᠡ ᠨᠢ ᠣᠯᠠᠩᠬᠢ ᠳᠠᠭᠠᠨ ᠵᠤᠨ ᠨᠠᠮᠤᠷ ᠲᠥᠪᠯᠡᠷᠡᠵᠦ ᠂ ᠤᠰᠤᠨ ᠤ ᠬᠡᠮᠵᠢᠶ᠎ᠡ ᠨᠢ ᠲᠣᠭᠲᠠᠭᠤᠨ ᠪᠠᠶᠢᠳᠠᠭ᠃ ᠨᠡᠶᠢᠲᠡᠯᠢᠭ ᠰᠡᠷᠢᠭᠦᠨ ᠪᠦᠰᠡ ᠶᠢᠨ ᠬᠡᠭᠡᠷ᠎ᠡ ᠲᠠᠯ᠎ᠠ ᠪᠠ ᠬᠦᠷᠡᠩ ᠬᠥᠷᠥᠰᠥ ᠨᠢ ᠤᠨ ᠨᠠᠷᠠᠰᠤ ᠃ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠨᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠤ ᠨᠠᠶᠢᠳᠠᠪᠤᠷᠢᠲᠠᠶ ᠪᠣᠳᠠᠰ ᠤᠨ ᠰᠠᠭᠤᠷᠢ ᠶᠢ ᠬᠠᠩᠭᠠᠭᠰᠠᠨ ᠪᠠᠶᠢᠨ᠎ᠠ᠃ ᠬᠠᠶᠢᠯᠠᠷ ᠲᠣᠭᠣᠷᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠭᠣᠣᠯᠳᠠᠭᠤ ᠲᠡᠮᠦᠷ ᠂ ᠨᠡᠭᠦᠷᠡᠰᠦ ᠂ ᠴᠣᠬᠣᠶ ᠶᠢᠨ ᠴᠢᠯᠠᠭᠤ ᠂ ᠂ ᠬᠢᠯᠠᠭᠠᠷ ᠨᠣᠭᠣᠭᠠᠨ ᠴᠢᠯᠠᠭᠤᠯᠢᠭ ᠂ ᠲᠣᠭᠣᠰᠬ᠎ᠠ ᠬᠢᠬᠦ ᠨᠠᠩᠭᠢ ᠰᠢᠷᠣᠶ ᠂ ᠤᠯᠠᠭᠠᠨ ᠨᠠᠩᠭᠢ ᠰᠢᠷᠣᠶ ᠂ ᠪᠤᠴᠠᠯᠭᠠᠭᠤᠷ ᠴᠢᠯᠠᠭᠤ ᠂ ᠰᠤᠪᠤᠳ ᠤᠨ ᠴᠢᠯᠠᠭᠤᠯᠢᠭ ᠂ ᠬᠠᠶᠢᠷ ᠴᠢᠯᠠᠭᠤ ᠂ ᠷᠠᠰᠢᠶᠠᠨ ᠤᠰᠤ ᠂ ᠮᠠᠨᠤ ᠴᠢᠯᠠᠭᠤ ᠵᠡᠷᠭᠡ ᠪᠠᠶᠢᠨ᠎ᠠ᠃
ᠭᠠᠵᠠᠷ ᠤᠨ ᠪᠠᠶᠢᠴᠠ ᠨᠢ ᠵᠡᠭᠦᠨ ᠢᠶᠡᠨ ᠥᠨᠳᠥᠷ ᠪᠠᠷᠠᠭᠤᠨ ᠢᠶᠠᠨ ᠳᠣᠣᠷ᠎ᠠ ᠂ ᠬᠠᠮᠤᠭ ᠤᠨ ᠥᠨᠳᠥᠷ ᠬᠠᠭ ᠪᠠᠶᠢᠵᠤ ᠂ ᠳᠠᠯᠠᠶ ᠶᠢᠨ ᠲᠦᠪᠰᠢᠨ ᠡᠴᠡ 776.6 ᠮᠧᠲ᠋ᠷ ᠡᠷᠭᠦᠭᠳᠡᠵᠦ ᠂ ᠪᠠᠷᠠᠭᠤᠨ ᠬᠡᠰᠡᠭ ᠦᠨ ᠬᠠᠮᠤᠭ ᠤᠨ ᠳᠣᠣᠷ᠎ᠠ ᠨᠢ ᠬᠠᠶᠢᠯᠠᠷ ᠭᠣᠣᠯ ᠳᠡᠭᠡᠷ᠎ᠡ ᠪᠠᠶᠢᠵᠤ ᠂ ᠳᠠᠯᠠᠶ ᠶᠢᠨ ᠲᠦᠪᠰᠢᠨ ᠡᠴᠡ ᠪᠠᠷᠤᠭ 603 ᠮᠧᠲ᠋ᠷ ᠃ ᠭᠣᠣᠯ ᠪᠣᠯᠬᠤ ᠭᠠᠵᠠᠷ ᠤᠨ ᠲᠥᠷᠬᠦ ᠶᠢᠨ ᠲᠥᠷᠥᠯ ᠵᠦᠢᠯ ᠳᠦ ᠨᠠᠮᠬᠠᠨ ᠠᠭᠤᠯᠠ ᠳᠣᠪᠣᠷᠬᠠᠭ ᠂ ᠥᠨᠳᠥᠷ ᠲᠠᠯ᠎ᠠ ᠭᠠᠵᠠᠷ ᠂ ᠭᠣᠣᠯ ᠤᠨ ᠬᠥᠨᠳᠡᠶ ᠶᠢᠨ ᠱᠠᠲᠤᠯᠢᠭ ᠭᠠᠵᠠᠷ ᠪᠠᠶᠢᠬᠤ ᠪᠥᠭᠡᠳ ᠬᠡᠰᠡᠭ ᠰᠠᠯᠬᠢ ᠡᠯᠡᠰᠦᠨ ᠦ ᠭᠠᠵᠠᠷ ᠤᠨ ᠲᠥᠷᠬᠦ ᠃ ᠣᠯᠠᠨ ᠵᠦᠢᠯ ᠦᠨ ᠤᠷᠭᠤᠮᠠᠯ ᠤᠷᠭᠤᠵᠤ ᠂ ᠲᠣᠭᠲᠠᠪᠤᠷᠢᠵᠢᠭᠰᠠᠨ ᠡᠯᠡᠰᠦᠨ ᠳᠣᠪᠣ ᠪᠠ ᠬᠠᠭᠠᠰ ᠲᠣᠭᠲᠠᠪᠤᠷᠢᠵᠢᠭᠰᠠᠨ ᠡᠯᠡᠰᠦᠨ ᠳᠣᠪᠣ ᠃ ᠡᠯᠡᠰᠦᠨ ᠳᠣᠪᠣ ᠶᠢᠨ ᠬᠠᠷᠢᠴᠠᠩᠭᠤᠶ ᠥᠨᠳᠥᠷ ᠨᠢ 20 ᠮᠧᠲ᠋ᠷ ᠦᠨ ᠳᠣᠲᠣᠷ᠎ᠠ ᠃
ᠬᠠᠶᠢᠯᠠᠷ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠶᠢᠨ ᠲᠠᠷᠬᠠᠯᠲᠠ ᠨᠢ ᠵᠡᠭᠦᠨ ᠡᠴᠡ ᠪᠠᠷᠠᠭᠤᠨ ᠬᠠᠭᠤᠷᠠᠶ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ ᠳᠦ ᠪᠠᠶᠢᠬᠤ ᠠᠴᠠ ᠭᠠᠳᠠᠨ᠎ᠠ ᠂ ᠪᠠᠰᠠ ᠵᠠᠷᠢᠮ ᠨᠤᠭᠤ ᠭᠠᠵᠠᠷ ᠤᠨ ᠤᠷᠭᠤᠮᠠᠯ ᠤᠨ ᠬᠤᠴᠢᠯᠭ᠎ᠠ ᠂ ᠨᠠᠮᠤᠭ ᠤᠨ ᠤᠷᠭᠤᠮᠠᠯ ᠤᠨ ᠬᠤᠴᠢᠯᠭ᠎ᠠ ᠪᠣᠯᠤᠨ ᠡᠯᠡᠰᠦᠨ ᠳᠦ ᠤᠷᠭᠤᠬᠤ ᠤᠷᠭᠤᠮᠠᠯ ᠤᠨ ᠬᠤᠴᠢᠯᠭ᠎ᠠ ᠶᠢᠨ ᠲᠥᠷᠥᠯ ᠃