ᠵᠤᠬᠢᠶᠠᠭᠴᠢ:
ᠴᠠᠭ:2022-03-25
ᠥᠵᠡᠭᠰᠡᠨ : ℃
ᠢᠷᠡᠯᠲᠡ:
ᠤᠰᠤᠨ ᠴᠥᠭᠥᠷᠥᠮ

ᠤᠰᠤᠨ ᠴᠥᠭᠥᠷᠥᠮ ᠢ ᠪᠠᠰᠠ 《 ᠽᠢ ᠮᠸᠩ ᠨᠠᠭᠤᠷ 》 ᠭᠡᠳᠡᠭ᠃ ᠤᠯᠠᠭᠠᠨᠬᠠᠳᠠ ᠬᠣᠲᠠ ᠶᠢᠨ ᠨᠢᠩᠴᠧᠩ ᠰᠢᠶᠠᠨ ᠤ ᠪᠠᠷᠠᠭᠤᠨ ᠬᠡᠰᠡᠭ ᠂ ᠯᠤᠸᠬᠠ ᠭᠤᠤᠯ ᠤᠨ ᠰᠠᠯᠪᠤᠷᠢ ᠤᠷᠤᠰᠬᠠᠯ ᠭᠤᠤᠯ ᠤᠨ ᠳᠤᠤᠷᠠᠳᠤ ᠤᠷᠤᠰᠬᠠᠯ ᠳᠤ ᠪᠠᠶᠢᠷᠢᠯᠠᠵᠤ ᠂ ᠰᠢᠶᠠᠨ ᠤ ᠬᠣᠲᠠ ᠠᠴᠠ 72 ᠺᠢᠯᠣᠮᠧᠲ᠋ᠷ ᠵᠠᠶᠢᠲᠠᠶ ᠪᠠᠶᠢᠳᠠᠭ᠃ 1976 ᠣᠨ ᠤ 1 ᠰᠠᠷ᠎ᠠ ᠶᠢᠨ 1 ᠦ ᠡᠳᠦᠷ ᠡᠴᠡ ᠡᠬᠢᠯᠡᠨ ᠪᠠᠶᠢᠭᠤᠯᠵᠤ ᠂ 1982 ᠣᠨ ᠤ 1 ᠰᠠᠷ᠎ᠠ ᠶᠢᠨ 10 ᠤ ᠡᠳᠦᠷ ᠳᠠᠭᠤᠰᠬᠠᠪᠠ᠃ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ ᠤᠰᠤᠯᠠᠯᠲᠠ ᠪᠠᠷ ᠭᠣᠣᠯ ᠪᠣᠯᠭᠠᠵᠤ ᠂ ᠦᠶᠡᠷ ᠢ ᠰᠡᠷᠭᠡᠶᠢᠯᠡᠬᠦ ᠂ ᠴᠠᠬᠢᠯᠭᠠᠨ ᠭᠠᠷᠭᠠᠬᠤ ᠂ ᠵᠢᠭᠠᠰᠤ ᠲᠡᠵᠢᠭᠡᠬᠦ ᠂ ᠵᠢᠭᠤᠯᠴᠢᠯᠠᠯ ᠵᠡᠷᠭᠡ ᠶᠢ ᠶᠡᠷᠦᠩᠬᠡᠶᠢᠯᠡᠨ ᠠᠰᠢᠭᠯᠠᠬᠤ ᠶᠢ ᠬᠠᠮᠲᠤ ᠳᠤᠨᠢ ᠬᠠᠷᠠᠭᠠᠯᠵᠠᠭᠰᠠᠨ ᠲᠣᠮᠣ ᠬᠡᠯᠪᠡᠷᠢ ᠶᠢᠨ ᠤᠰᠤᠨ ᠴᠥᠭᠥᠷᠥᠮ ᠦᠨ ᠨᠢᠭᠡ ᠪᠣᠯᠤᠨ᠎ᠠ᠃
ᠴᠥᠭᠥᠷᠥᠮ ᠦᠨ ᠣᠷᠣᠨ ᠳᠤ ᠣᠷᠣᠪᠠᠯ ᠂ ᠶᠡᠬᠡ ᠳᠠᠯᠠᠩ ᠤᠨ ᠭᠠᠳᠠᠷ ᠳᠠᠪᠬᠤᠷᠭ᠎ᠠ ᠴᠢᠯᠠᠭᠤ ᠂ ᠬᠣᠶᠠᠷ 172 ᠴᠢᠯᠠᠭᠤᠨ ᠨᠡᠪᠲᠡᠷᠡᠬᠦ ᠵᠠᠮ ᠲᠣᠰ ᠲᠣᠰ ᠬᠠᠰᠢᠯᠭ᠎ᠠ ᠶᠢᠨ ᠢᠷᠣᠭᠠᠷ ᠠᠴᠠ ᠬᠠᠰᠢᠯᠭ᠎ᠠ ᠶᠢᠨ ᠣᠷᠣᠶ ᠳᠤ ᠭᠦᠷᠦᠨ᠎ᠡ᠃ ᠬᠠᠰᠢᠯᠭ᠎ᠠ ᠶᠢᠨ ᠣᠷᠣᠶ ᠨᠢ ᠳᠠᠯᠠᠶ ᠶᠢᠨ ᠲᠦᠪᠰᠢᠨ ᠡᠴᠡ 727.6 ᠮᠧᠲ᠋ᠷ ᠡᠷᠭᠦᠭᠳᠡᠵᠦ ᠂ ᠬᠠᠰᠢᠯᠭ᠎ᠠ ᠶᠢᠨ ᠥᠨᠳᠥᠷ ᠨᠢ 42.1 ᠮᠧᠲ᠋ᠷ ᠂ ᠬᠠᠰᠢᠯᠭ᠎ᠠ ᠶᠢᠨ ᠢᠷᠣᠭᠠᠷ ᠤᠨ ᠥᠷᠭᠡᠨ ᠨᠢ 218.13 ᠮᠧᠲ᠋ᠷ ᠂ ᠬᠠᠰᠢᠯᠭ᠎ᠠ ᠶᠢᠨ ᠣᠷᠣᠶ ᠶᠢᠨ ᠣᠷᠳᠣ ᠨᠢ 529 ᠮᠧᠲ᠋ᠷ ᠂ ᠥᠷᠭᠡᠨ ᠨᠢ 5 ᠮᠧᠲ᠋ᠷ ᠪᠠᠶᠢᠵᠤ ᠂ ᠳᠠᠪᠠᠯᠭᠠᠨ ᠢ ᠰᠡᠷᠭᠡᠶᠢᠯᠡᠬᠦ 1.2 ᠬᠡᠷᠡᠮ ᠪᠠᠷᠢᠭᠰᠠᠨ ᠪᠠᠶᠢᠨ᠎ᠠ᠃ ᠵᠡᠭᠦᠨ ᠬᠣᠶᠢᠲᠤ ᠲᠠᠯ᠎ᠠ ᠳᠤ ᠦᠶᠡᠷ ᠵᠠᠯᠠᠬᠤ ᠬᠣᠶᠠᠷ ᠲᠠᠶ ᠂ ᠦᠶᠡᠷ ᠵᠠᠯᠠᠬᠤ ᠴᠢᠳᠠᠪᠤᠷᠢ ᠨᠢ ᠰᠧᠺᠦ᠋ᠨ᠋ᠳ᠋ ᠪᠦᠷᠢ 500 ᠪᠣᠰᠣᠭ᠎ᠠ ᠳᠥᠷᠪᠡᠯᠵᠢᠨ ᠮᠧᠲ᠋ᠷ ᠪᠠᠶᠢᠳᠠᠭ ᠤᠰᠤᠨ ᠴᠠᠬᠢᠯᠭᠠᠨ ᠥᠷᠲᠡᠭᠡ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 1500 ᠬᠢᠯᠦᠸᠠᠲ ᠪᠠᠶᠢᠵᠤ ᠂ ᠵᠢᠯ ᠦᠨ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠨᠢ ᠪᠠᠷᠤᠭ 500 ᠲᠦᠮᠡᠨ ᠬᠢᠯᠦᠸᠠᠲ ᠴᠠᠭ ᠪᠣᠯᠤᠨ᠎ᠠ᠃