ᠵᠤᠬᠢᠶᠠᠭᠴᠢ:
ᠴᠠᠭ:2022-04-15
ᠥᠵᠡᠭᠰᠡᠨ : ℃
ᠢᠷᠡᠯᠲᠡ:
ᠬᠥᠯᠥᠨ ᠪᠣᠶᠢᠷ ᠬᠣᠲᠠ ᠶᠢᠨ ᠣᠷᠴᠣᠨ ᠤ ᠥᠪᠡᠷᠲᠡᠭᠡᠨ ᠵᠠᠰᠠᠬᠤ ᠬᠣᠰᠢᠭᠤ ( ᠨᠢᠭᠡ )

ᠣᠷᠴᠣᠨ ᠤ ᠥᠪᠡᠷᠲᠡᠭᠡᠨ ᠵᠠᠰᠠᠬᠤ ᠬᠣᠰᠢᠭᠤ ᠬᠥᠯᠥᠨ ᠪᠣᠶᠢᠷ ᠬᠣᠲᠠ ᠶᠢᠨ ᠵᠡᠭᠦᠨ ᠬᠣᠶᠢᠲᠤ ᠂ ᠶᠡᠬᠡ ᠬᠢᠩᠭᠠᠨ ᠳᠠᠪᠠᠭᠠᠨ ᠤ ᠵᠡᠭᠦᠨ ᠬᠣᠷᠮᠣᠶ ᠳᠤ ᠪᠠᠶᠢᠷᠢᠯᠠᠵᠤ ᠃ ᠵᠡᠭᠦᠨᠰᠢ ᠪᠡᠨ ᠬᠠᠷᠠᠮᠥ᠋ᠷᠡᠨ ᠮᠤᠵᠢ ᠶᠢᠨ ᠨᠤᠨ ᠮᠥᠷᠡᠨ ᠰᠢᠶᠠᠨ ᠲᠠᠶ ᠨᠤᠨ ᠮᠥᠷᠡᠨ ᠠᠯᠤᠰᠯᠠᠵᠤ ᠂ ᠡᠮᠦᠨᠡᠰᠢ ᠪᠡᠨ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤ ᠂ ᠠᠷᠤᠨ ᠬᠣᠰᠢᠭᠤ ᠲᠠᠶ ᠨᠡᠶᠢᠯᠡᠵᠦ ᠂ ᠪᠠᠷᠠᠭᠤᠨᠰᠢ ᠪᠠᠨ ᠭᠡᠭᠡᠨ ᠭᠣᠣᠯ ᠬᠤᠳᠠ ᠂ ᠶᠠᠭᠰᠢ ᠬᠤᠳᠠ ᠲᠠᠶ ᠬᠥᠷᠰᠢᠯᠡᠵᠦ ᠂ ᠤᠮᠠᠷᠠᠰᠢ ᠪᠠᠨ ᠬᠠᠷᠠᠮᠥ᠋ᠷᠡᠨ ᠮᠤᠵᠢ ᠶᠢᠨ ᠬᠤᠮᠠ ᠰᠢᠶᠠᠨ ᠲᠠᠶ ᠵᠠᠬ᠎ᠠ ᠨᠡᠶᠢᠯᠡᠵᠦ ᠃ ᠪᠠᠷᠠᠭᠤᠨᠰᠢ ᠤᠷᠲᠤ ᠨᠢ 280 ᠺᠢᠯᠣᠮᠧᠲᠷ ᠂ ᠤᠮᠠᠷᠠᠰᠢ ᠥᠷᠭᠡᠨ ᠨᠢ 261 ᠺᠢᠯᠣᠮᠧᠲᠷ ᠂ ᠲᠠᠯᠠᠪᠠᠢ ᠨᠢ 59800 ᠲᠡᠭᠰᠢ ᠳᠥᠷᠪᠡᠯᠵᠢᠨ ᠺᠢᠯᠣᠮᠧᠲᠷ ᠃
ᠣᠷᠴᠣᠨ ᠤ ᠥᠪᠡᠷᠲᠡᠭᠡᠨ ᠵᠠᠰᠠᠬᠤ ᠬᠣᠰᠢᠭᠤᠨ ᠤ ᠭᠠᠵᠠᠷ ᠤᠨ ᠪᠠᠶᠢᠴᠠ ᠨᠢ ᠥᠨᠳᠥᠷ ᠳᠣᠣᠷ᠎ᠠ ᠂ ᠪᠠᠷᠠᠭᠤᠨ ᠬᠣᠶᠢᠨᠠ ᠠᠴᠠ ᠵᠡᠭᠦᠨ ᠡᠮᠦᠨᠡᠰᠢ ᠠᠭᠠᠵᠢᠮ ᠢᠶᠠᠷ ᠬᠡᠯᠪᠡᠶᠢᠵᠦ ᠂ ᠬᠠᠮᠤᠭ ᠤᠨ ᠥᠨᠳᠥᠷ ᠲᠡᠬᠡᠨ ᠳᠠᠯᠠᠶ ᠶᠢᠨ ᠲᠦᠪᠰᠢᠨ ᠡᠴᠡ ᠳᠡᠭᠡᠭᠰᠢ 1528 ᠮᠧᠲ᠋ᠷ ᠡᠷᠭᠦᠭᠳᠡᠵᠦ ᠂ ᠬᠠᠮᠤᠭ ᠤᠨ ᠳᠣᠣᠷ᠎ᠠ ᠡᠷᠭᠦᠭᠳᠡᠴᠡ ᠨᠢ ᠵᠡᠭᠦᠨ ᠡᠮᠦᠨ᠎ᠡ ᠥᠨᠴᠥᠭ ᠦᠨ ᠳᠣᠪᠣᠭᠤᠷ ᠭᠣᠣᠯ ᠠᠴᠠ ᠨᠤᠨ ᠮᠥᠷᠡᠨ ᠳᠦ ᠤᠷᠤᠰᠤᠨ ᠣᠷᠣᠬᠤ ᠠᠭᠤᠯᠵᠠᠷ ᠭᠠᠵᠠᠷ ᠨᠢ 265 ᠮᠧᠲ᠋ᠷ ᠂ ᠳᠤᠮᠳᠠ ᠭᠠᠵᠠᠷ ᠣᠷᠣᠨ ᠨᠢ ᠳᠠᠯᠠᠶ ᠶᠢᠨ ᠲᠦᠪᠰᠢᠨ ᠡᠴᠡ 500~1000 ᠮᠧᠲ᠋ᠷ ᠦᠨ ᠬᠣᠭᠣᠷᠣᠨᠳᠣ ᠡᠷᠭᠦᠭᠳᠡᠭᠰᠡᠨ ᠃ ᠭᠠᠵᠠᠷ ᠤᠨ ᠲᠥᠷᠬᠦ ᠶᠢᠨ ᠨᠢᠭᠡᠴᠢ ᠶᠢ ᠠᠭᠤᠯᠠᠷᠬᠠᠭ ᠭᠠᠵᠠᠷ ᠂ ᠳᠣᠪᠣᠷᠬᠠᠭ ᠂ ᠭᠣᠣᠯ ᠤᠨ ᠬᠥᠨᠳᠡᠶ ᠶᠢᠨ ᠲᠠᠯ᠎ᠠ ᠭᠠᠵᠠᠷ ᠭᠡᠵᠦ ᠬᠤᠪᠢᠶᠠᠨ᠎ᠠ᠃ ᠭᠠᠵᠠᠷ ᠨᠤᠲᠤᠭ ᠥᠷᠭᠡᠨ ᠠᠭᠤᠳᠠᠮ ᠣᠷᠴᠣᠨ ᠤ ᠥᠪᠡᠷᠲᠡᠭᠡᠨ ᠵᠠᠰᠠᠬᠤ ᠬᠣᠰᠢᠭᠤ ᠪᠣᠯ ᠰᠡᠷᠢᠭᠦᠨ ᠪᠦᠰᠡ ᠂ ᠬᠦᠢᠲᠡᠨ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠨ᠎ᠠ᠃ ᠬᠥᠷᠥᠰᠥᠨ ᠦ ᠲᠥᠷᠥᠯ ᠵᠦᠶᠯ ᠨᠠᠷᠢᠨ ᠪᠤᠳᠤᠯᠢᠶᠠᠨᠲᠠᠶ ᠂ ᠪᠥᠬᠥ ᠬᠣᠰᠢᠭᠤᠨ ᠳᠤ 4 ᠰᠢᠷᠣᠶ ᠶᠢᠨ ᠬᠥᠲᠥᠯᠪᠦᠷᠢ ᠂ 10 ᠰᠢᠷᠣᠶ ᠶᠢᠨ ᠲᠥᠷᠥᠯ ᠂ 19 ᠳᠡᠳ᠋ ᠲᠥᠷᠥᠯ ᠪᠣᠶ᠃
ᠬᠣᠰᠢᠭᠤᠨ ᠤ ᠭᠣᠣᠯ ᠪᠣᠯᠬᠤ ᠭᠣᠣᠯ ᠮᠥᠷᠡᠨ ᠭᠠᠨ ᠾᠧ ᠭᠣᠣᠯ ᠂ ᠨᠣᠮᠢᠨ ᠭᠣᠣᠯ ᠂ ᠡᠸᠦᠺᠸᠨ ᠭᠣᠣᠯ ᠂ ᠭᠣᠣᠯ ᠂ ᠬᠦᠯᠢ ᠭᠣᠣᠯ ᠂ ᠭᠣᠣᠯ ᠵᠡᠷᠭᠡ ᠪᠠᠶᠢᠵᠤ ᠂ ᠴᠥᠮ ᠨᠤᠨ ᠮᠥᠷᠡᠨ ᠦ ᠪᠠᠷᠠᠭᠤᠨ ᠡᠷᠭᠢ ᠶᠢᠨ ᠤᠰᠤᠨ ᠰᠢᠰᠲ᠋ᠧᠮ ᠳᠦ ᠬᠠᠷᠢᠶᠠᠯᠠᠭᠳᠠᠨ᠎ᠠ᠃ ᠶᠡᠬᠡ ᠪᠠᠭ᠎ᠠ ᠴᠢᠳᠬᠤᠯᠠᠩ 200 ᠭᠠᠷᠤᠶ ᠪᠠᠶᠢᠨ᠎ᠠ᠃ ᠵᠢᠯ ᠦᠨ ᠶᠡᠷᠦᠩᠬᠡᠶ ᠲᠤᠨᠳᠠᠰᠤᠨ ᠤ ᠬᠡᠮᠵᠢᠶ᠎ᠡ ᠨᠢ ᠪᠠᠷᠤᠭ 40 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲ᠋ᠷ ᠪᠠᠶᠢᠳᠠᠭ᠃ ᠭᠠᠵᠠᠷ ᠳᠣᠣᠷᠠᠬᠢ ᠠᠭᠤᠷᠬᠠᠶ ᠶᠢᠨ ᠪᠤᠯᠠᠭᠳᠠᠴᠠ ᠶᠢᠨ ᠡᠬᠢ ᠪᠠᠶᠠᠯᠢᠭ ᠡᠯᠪᠡᠭ ᠪᠠᠶᠢᠵᠤ ᠂ ᠨᠡᠭᠡᠭᠡᠨ ᠮᠠᠯᠲᠠᠬᠤ ᠦᠨ᠎ᠡ ᠥᠷᠲᠡᠭ ᠲᠡᠶ 10 ᠭᠠᠷᠤᠶ ᠵᠦᠢᠯ ᠢ ᠨᠢᠭᠡᠨᠲᠡ ᠬᠠᠶᠢᠨ ᠲᠣᠳᠣᠷᠬᠠᠶᠢᠯᠠᠭᠰᠠᠨ ᠪᠠᠶᠢᠨ᠎ᠠ᠃