ᠵᠤᠬᠢᠶᠠᠭᠴᠢ:
ᠴᠠᠭ:2022-05-20
ᠥᠵᠡᠭᠰᠡᠨ : ℃
ᠢᠷᠡᠯᠲᠡ:
ᠬᠥᠯᠥᠨ ᠪᠣᠶᠢᠷ ᠬᠣᠲᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤ ( ᠨᠢᠭᠡ )

ᠮᠤᠷᠢᠨᠳᠠᠪᠠᠭ᠎ᠠ ᠳᠠᠭᠤᠷ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤ ᠬᠥᠯᠥᠨ ᠪᠤᠢᠢᠷ ᠬᠤᠳᠠ ᠶᠢᠨ ᠵᠡᠭᠦᠨ ᠬᠡᠰᠡᠭ ᠂ ᠶᠡᠬᠡ ᠬᠢᠩᠭᠠᠨ ᠳᠠᠪᠠᠭ᠎ᠠ ᠶᠢᠨ ᠵᠡᠭᠦᠨ ᠬᠣᠷᠮᠣᠢ ᠶᠢᠨ ᠳᠤᠮᠳᠠ ᠬᠡᠰᠡᠭ ᠂ ᠨᠤᠨ ᠮᠥᠷᠡᠨ ᠦ ᠪᠠᠷᠠᠭᠤᠨ ᠡᠷᠭᠢ ᠳᠦ ᠪᠠᠶᠢᠷᠢᠯᠠᠵᠤ ᠪᠤᠢ᠃ ᠬᠠᠷᠠᠮᠥ᠋ᠷᠡᠨ ᠮᠤᠵᠢ ᠶᠢᠨ ᠨᠤᠨ ᠮᠥᠷᠡᠨ ᠰᠢᠶᠠᠨ ᠂ ᠨᠸ ᠾᠸ ᠬᠣᠲᠠ ᠲᠠᠶ ᠨᠤᠨ ᠮᠥᠷᠡᠨ ᠠᠯᠤᠰᠯᠠᠨ ᠨᠢᠭᠤᠷᠯᠠᠵᠤ ᠂ ᠪᠠᠷᠠᠭᠤᠨ ᠬᠠᠷᠠᠮᠥ᠋ᠷᠡᠨ ᠮᠤᠵᠢ ᠶᠢᠨ ᠭᠠᠨᠨᠠᠨ ᠰᠢᠶᠠᠨ ᠲᠠᠶ ᠵᠠᠬ᠎ᠠ ᠨᠡᠶᠢᠯᠡᠵᠦ ᠂ ᠠᠷᠤᠨ ᠬᠣᠰᠢᠭᠤ ᠲᠠᠶ ᠬᠥᠷᠰᠢᠯᠡᠵᠦ ᠂ ᠣᠷᠴᠣᠨ ᠤ ᠥᠪᠡᠷᠲᠡᠭᠡᠨ ᠵᠠᠰᠠᠬᠤ ᠬᠣᠰᠢᠭᠤ ᠲᠠᠶ ᠵᠠᠬ᠎ᠠ ᠨᠡᠶᠢᠯᠡᠵᠦ ᠃ ᠤᠮᠠᠷᠠᠰᠢ 203.3 ᠺᠢᠯᠣᠮᠧᠲ᠋ᠷ ᠣᠷᠳᠣ ᠂ ᠪᠠᠷᠠᠭᠤᠨᠰᠢ 125 ᠺᠢᠯᠣᠮᠧᠲ᠋ᠷ ᠥᠷᠭᠡᠨ ᠂ ᠲᠠᠯᠠᠪᠠᠶ ᠨᠢ 10500 ᠲᠡᠭᠰᠢ ᠳᠥᠷᠪᠡᠯᠵᠢᠨ ᠺᠢᠯᠣᠮᠧᠲ᠋ᠷ ᠃ ᠭᠠᠵᠠᠷ ᠳᠤᠮᠳᠠ ᠬᠡᠰᠡᠭ ᠨᠢ ᠥᠷᠭᠡᠨ ᠂ ᠢᠪᠴᠤᠤ ᠂ ᠢᠭ ᠬᠡᠯᠪᠡᠷᠢ ᠲᠡᠶ᠃ ᠭᠠᠵᠠᠷ ᠤᠨ ᠪᠠᠶᠢᠴᠠ ᠨᠢ ᠪᠠᠷᠠᠭᠤᠨ ᠬᠣᠶᠢᠨᠠ ᠪᠠᠨ ᠥᠨᠳᠥᠷ ᠂ ᠵᠡᠭᠦᠨ ᠪᠠᠶᠢᠳᠠᠭ ᠪᠥᠭᠡᠳ ᠪᠠᠷᠠᠭᠤᠨ ᠬᠣᠶᠢᠨᠠ ᠠᠴᠠ ᠵᠡᠭᠦᠨ ᠡᠮᠦᠨᠡᠰᠢ ᠱᠠᠲᠤᠯᠵᠢᠨ ᠬᠡᠯᠪᠡᠷᠢ ᠪᠡᠷ ᠠᠭᠠᠵᠢᠮ ᠢᠶᠠᠷ ᠃
ᠮᠤᠷᠢᠨᠳᠠᠪᠠᠭ᠎ᠠ ᠳᠠᠭᠤᠷ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤ ᠪᠣᠯ ᠳᠣᠲᠣᠭᠠᠳᠤ ᠬᠠᠭᠤᠷᠠᠢ ᠂ ᠳᠤᠮᠳᠠ ᠰᠡᠷᠢᠭᠦᠨ ᠪᠦᠰᠡ ᠶᠢᠨ ᠤᠮᠠᠷᠠᠲᠤ ᠬᠡᠰᠡᠭ ᠲᠦ ᠪᠠᠶᠢᠷᠢᠯᠠᠵᠤ ᠂ ᠳᠤᠮᠳᠠ ᠰᠡᠷᠢᠭᠦᠨ ᠪᠦᠰᠡ ᠶᠢᠨ ᠬᠠᠭᠠᠰ ᠴᠢᠭᠢᠭᠯᠢᠭ ᠡᠬᠡ ᠬᠠᠭᠤᠷᠠᠢ ᠶᠢᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠨ᠎ᠠ᠃ ᠬᠣᠰᠢᠭᠤᠨ ᠤ ᠬᠠᠮᠤᠭ ᠤᠨ ᠥᠨᠳᠥᠷ ᠣᠷᠭᠢᠯ ᠪᠣᠯ ᠪᠠᠷᠠᠭᠤᠨ ᠬᠣᠶᠢᠲᠤ ᠬᠡᠰᠡᠭ ᠦᠨ ᠡᠸᠡᠩᠬᠢ ᠦᠨᠳᠦᠰᠦᠲᠡᠨ ᠦ ᠰᠢᠶᠠᠩ ᠤᠨ ᠳᠣᠲᠣᠷᠠᠬᠢ ᠠᠭᠤᠯᠠ ᠪᠣᠯᠤᠨ᠎ᠠ ᠂ ᠳᠠᠯᠠᠶ ᠶᠢᠨ ᠲᠦᠪᠰᠢᠨ ᠡᠴᠡ 638.3 ᠮᠧᠲ᠋ᠷ ᠬᠠᠮᠤᠭ ᠳᠣᠣᠷ᠎ᠠ ᠴᠡᠭ ᠨᠢ ᠡᠮᠦᠨᠡᠲᠦ ᠬᠡᠰᠡᠭ ᠦᠨ ᠭᠣᠣᠯ ᠪᠠᠯᠭᠠᠰᠤᠨ ᠤ ᠳ᠋ᠦᠩᠱᠧᠩ ᠲᠣᠰᠬᠣᠨ ᠤ ᠵᠡᠭᠦᠨ ᠡᠮᠦᠨᠡᠬᠢ ᠬᠣᠲᠣᠭᠣᠷ ᠭᠠᠵᠠᠷ ᠪᠠᠶᠢᠵᠤ ᠂ ᠳᠠᠯᠠᠶ ᠶᠢᠨ ᠲᠦᠪᠰᠢᠨ ᠡᠴᠡ 173 ᠮᠧᠲ᠋ᠷ ᠡᠷᠭᠦᠭᠳᠡᠭᠰᠡᠨ ᠪᠠᠶᠢᠨ᠎ᠠ᠃
ᠮᠤᠷᠢᠨᠳᠠᠪᠠᠭ᠎ᠠ ᠳᠠᠭᠤᠷ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠯᠪᠡᠭ ᠂ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠢᠭᠴᠤ ᠰᠠᠬᠤᠯᠢᠭ ᠂ ᠤᠷᠭᠤᠮᠠᠯ ᠤᠨ ᠲᠦᠷᠦᠯ ᠵᠦᠢᠯ 573 ᠵᠦᠢᠯ ᠪᠤᠢ ᠂ ᠡᠭᠦᠨ ᠳᠦ ᠲᠡᠵᠢᠭᠡᠯ ᠦᠨ ᠤᠷᠭᠤᠮᠠᠯ 192 ᠵᠦᠢᠯ ᠂ ᠤᠷᠭᠤᠮᠠᠯ 251 ᠵᠦᠢᠯ ᠂ ᠢᠳᠡᠰᠢᠨ ᠤᠷᠭᠤᠮᠠᠯ 27 ᠵᠦᠢᠯ ᠪᠤᠢ᠃ ᠥᠪᠡᠷᠲᠡᠭᠡᠨ ᠵᠠᠰᠠᠬᠤ ᠬᠣᠰᠢᠭᠤᠨ ᠤ ᠠᠭᠤᠯᠠᠷᠬᠠᠭ ᠣᠷᠣᠨ ᠂ ᠳᠣᠪᠣᠷᠬᠠᠭ ᠣᠷᠣᠨ ᠳᠤ ᠢᠭᠴᠤ ᠰᠠᠬᠤᠯᠢᠭ ᠡᠭᠦᠰᠦᠮᠡᠯ ᠣᠶ ᠃ ᠳᠣᠲᠣᠷ᠎ᠠ ᠨᠢᠭᠡᠨᠲᠡ ᠢᠯᠡᠷᠡᠭᠦᠯᠦᠭᠰᠡᠨ ᠡᠯ᠎ᠡ ᠵᠦᠢᠯ ᠦᠨ ᠬᠠᠲᠠᠭᠤ ᠪᠡᠶᠡᠲᠦ ᠠᠭᠤᠷᠬᠠᠶ ᠶᠢᠨ ᠭᠠᠷᠤᠯᠲᠠ 10 ᠭᠠᠷᠤᠶ ᠵᠦᠢᠯ ᠳᠦ ᠬᠦᠷᠪᠡ᠃