ᠵᠤᠬᠢᠶᠠᠭᠴᠢ:
ᠴᠠᠭ:2022-06-03
ᠥᠵᠡᠭᠰᠡᠨ : ℃
ᠢᠷᠡᠯᠲᠡ:
ᠨᠢᠩᠴᠧᠩ ᠦᠨ ᠤᠯᠤᠰ ᠤᠨ ᠭᠠᠵᠠᠷ ᠰᠢᠨᠵᠢᠯᠡᠭᠡᠨ ᠦ ᠴᠡᠴᠡᠷᠯᠢᠭ ᠦᠨ ᠮᠦᠽᠧᠶ

ᠨᠢᠩᠴᠧᠩ ᠦᠨ ᠤᠯᠤᠰ ᠤᠨ ᠭᠠᠵᠠᠷ ᠰᠢᠨᠵᠢᠯᠡᠭᠡᠨ ᠦ ᠴᠡᠴᠡᠷᠯᠢᠭ ᠦᠨ ᠮᠦᠽᠧᠢ ᠨᠢ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠲᠢᠶᠠᠨ ᠢ ᠪᠠᠯᠭᠠᠰᠤ ᠰᠢᠨ᠎ᠡ ᠲᠣᠭᠣᠷᠢᠭ ᠤᠨ ᠭᠣᠣᠯ ᠪᠦᠰᠡ ᠳᠦ ᠪᠠᠶᠢᠷᠢᠯᠠᠵᠤ ᠂ ᠨᠢᠩᠴᠧᠩ ᠰᠢᠶᠠᠨ ᠤ ᠵᠠᠰᠠᠭ ᠤᠨ ᠣᠷᠳᠣᠨ ᠤ ᠠᠯᠪᠠᠨ ᠠᠰᠠᠷ ᠢᠶᠠᠷ ᠲᠥᠪ ᠪᠣᠯᠭᠠᠵᠤ ᠂ ᠳᠤᠮᠳᠠ ᠲᠡᠩᠭᠡᠯᠢᠭ ᠱᠤᠭᠤᠮ ᠢᠶᠠᠷ ᠡᠮᠦᠨᠡᠰᠢ ᠰᠤᠨᠵᠤ ᠂ ᠶᠠᠨᠵᠢᠩ ᠵᠡᠭᠡᠯᠢ ᠡᠴᠡ ᠡᠮᠦᠨᠡᠰᠢ ᠂ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠠᠯᠪᠠᠨ ᠠᠰᠠᠷ ᠲᠠᠶ ᠵᠦᠩᠵᠢᠩ ᠠᠭᠤᠳᠠᠮ ᠲᠠᠯᠠᠪᠠᠢ ᠪᠠᠷ ᠠᠯᠤᠰᠯᠠᠵᠤ ᠪᠠᠶᠢᠳᠠᠭ᠃ ᠨᠢᠩᠴᠧᠩ ᠦᠨ ᠤᠯᠤᠰ ᠤᠨ ᠭᠠᠵᠠᠷ ᠰᠢᠨᠵᠢᠯᠡᠭᠡᠨ ᠦ ᠴᠡᠴᠡᠷᠯᠢᠭ ᠦᠨ ᠮᠦᠽᠧᠢ ᠶᠢᠨ ᠭᠣᠣᠯ ᠴᠣᠭᠴᠠ ᠨᠢ ᠵᠢᠷᠭᠤᠭᠠᠯᠵᠢᠨ ᠬᠡᠯᠪᠡᠷᠢ ᠲᠡᠶ ᠂ ᠯᠢᠶᠣᠤ ᠤᠯᠤᠰ ᠤᠨ ᠰᠣᠶᠣᠯ ᠤᠨ ᠡᠷᠲᠡᠨ ᠦ ᠰᠤᠪᠤᠷᠭ᠎ᠠ ᠶᠢᠨ ᠬᠠᠪᠲᠠᠭᠠᠢ ᠬᠡᠯᠪᠡᠷᠢ ᠪᠡᠷ ᠂ ᠲᠠᠯ᠎ᠠ ᠪᠦᠷᠢ ᠶᠢᠨ ᠤᠷᠳᠤ ᠨᠢ 32 ᠮᠧᠲ᠋ᠷ ᠂ ᠥᠨᠳᠥᠷ ᠨᠢ 26.1 ᠮᠧᠲ᠋ᠷ ᠂ ᠲᠠᠯᠠᠪᠠᠢ ᠨᠢ 1.43 ᠾᠧᠺᠲ᠋ᠠᠷ ᠂ ᠪᠠᠷᠢᠯᠭ᠎ᠠ ᠶᠢᠨ ᠲᠠᠯᠠᠪᠠᠢ ᠨᠢ 1.3 ᠲᠦᠮᠡᠨ ᠲᠡᠭᠰᠢ ᠳᠥᠷᠪᠡᠯᠵᠢᠨ ᠮᠧᠲ᠋ᠷ ᠃ ᠳᠣᠲᠣᠷ᠎ᠠ ᠨᠢ 7 ᠦᠵᠡᠭᠦᠯᠦᠯᠭᠡ ᠶᠢᠨ ᠲᠢᠩᠬᠢᠮ ᠂ 1 ᠡᠷᠳᠡᠮ ᠰᠢᠨᠵᠢᠯᠡᠭᠡᠨ ᠦ ᠮᠡᠳᠡᠭᠦᠯᠦᠯᠲᠡ ᠶᠢᠨ ᠲᠢᠩᠬᠢᠮ ᠲᠡᠶ ᠂ ᠳᠡᠯᠭᠡᠨ ᠦᠵᠡᠭᠦᠯᠬᠦ ᠲᠠᠯᠠᠪᠠᠶ ᠨᠢ 0.5 ᠲᠦᠮᠡᠨ ᠲᠡᠭᠰᠢ ᠳᠥᠷᠪᠡᠯᠵᠢᠨ ᠮᠧᠲ᠋ᠷ ᠃
ᠨᠢᠩᠴᠧᠩ ᠦᠨ ᠤᠯᠤᠰ ᠤᠨ ᠭᠠᠵᠠᠷ ᠰᠢᠨᠵᠢᠯᠡᠭᠡᠨ ᠦ ᠴᠡᠴᠡᠷᠯᠢᠭ ᠦᠨ ᠮᠦᠽᠧᠶ ᠶᠢᠨ ᠳᠣᠲᠣᠭᠠᠳᠤ ᠳᠤ ᠡᠬᠢ ᠰᠤᠷᠪᠤᠯᠵᠢ ᠂ ᠭᠠᠵᠠᠷ ᠰᠢᠨᠵᠢᠯᠡᠭᠡᠨ ᠦ ᠴᠡᠴᠡᠷᠯᠢᠭ ᠂ ᠡᠷᠲᠡᠨ ᠦ ᠠᠮᠢ ᠨᠠᠰᠤᠨ ᠤ ᠳᠤᠷᠠᠰᠤᠮᠵᠢ ᠂ ᠡᠬᠡ ᠪᠠᠶᠢᠭᠠᠯᠢ ᠶᠢᠨ ᠲᠤᠨᠤᠮᠠᠯ ᠂ ᠰᠠᠶᠢᠨ ᠰᠠᠶᠢᠬᠠᠨ ᠬᠡᠷ ᠣᠷᠣᠨ ᠂ ᠡᠶ᠎ᠡ ᠵᠣᠬᠢᠴᠠᠩᠭᠤᠶ ᠬᠥᠭᠵᠢᠯᠲᠡ ᠂ 3 D ᠺᠢᠨᠣ᠋ ᠶᠢᠨ ᠣᠷᠳᠣᠨ ᠵᠡᠷᠭᠡ 7 ᠦᠵᠡᠭᠦᠯᠦᠯᠭᠡ ᠶᠢᠨ ᠲᠢᠩᠬᠢᠮ ᠢᠶᠡᠷ ᠪᠦᠷᠢᠯᠳᠦᠵᠦ ᠂ ᠨᠢᠩᠴᠧᠩ ᠦᠨ ᠤᠯᠤᠰ ᠤᠨ ᠭᠠᠵᠠᠷ ᠰᠢᠨᠵᠢᠯᠡᠭᠡᠨ ᠦ ᠴᠡᠴᠡᠷᠯᠢᠭ ᠦᠨ ᠡᠷᠲᠡᠨ ᠦ ᠠᠮᠢᠳᠤ ᠪᠣᠳᠠᠰ ᠤᠨ ᠴᠢᠯᠠᠭᠤᠵᠢᠮᠠᠯ ᠢᠶᠠᠷ ᠭᠤᠤᠯ ᠦᠵᠡᠭᠦᠯᠦᠯᠭᠡ ᠶᠢᠨ ᠠᠭᠤᠯᠭ᠎ᠠ ᠪᠣᠯᠭᠠᠵᠤ ᠂ ᠦᠵᠡᠭᠦᠯᠦᠯᠭᠡ ᠶᠢᠨ ᠵᠠᠭᠪᠤᠷ ᠂ ᠵᠢᠷᠤᠭ ᠂ ᠥᠰᠥᠭ ᠪᠢᠴᠢᠭ ᠦᠨ ᠲᠣᠳᠣᠷᠬᠠᠶᠢᠯᠠᠯᠲᠠ ᠂ ᠴᠢᠯᠠᠭᠤᠵᠢᠮᠠᠯ ᠤᠨ ᠥᠯᠢᠭᠡᠷ ᠬᠡᠪ ᠂ ᠪᠣᠳᠠᠲᠤ ᠪᠣᠳᠠᠰ ᠂ ᠬᠡᠷᠡᠯ ᠵᠢᠷᠤᠭ ᠤᠨ ᠡᠯᠧᠺᠲ᠋ᠷᠣᠨ ᠲᠥᠬᠥᠭᠡᠷᠦᠮᠵᠢ ᠶᠢᠨ ᠦᠶᠯᠡᠳᠦᠯᠴᠡᠯ ᠵᠢᠴᠢ ᠣᠯᠠᠨ ᠵᠠᠭᠤᠴᠢᠯᠠᠭᠤᠷ ᠵᠡᠷᠭᠡ ᠪᠡᠷ ᠬᠡᠯᠪᠡᠷᠢ ᠨᠢᠩᠴᠧᠩ ᠦᠨ ᠤᠯᠤᠰ ᠤᠨ ᠭᠠᠵᠠᠷ ᠰᠢᠨᠵᠢᠯᠡᠭᠡᠨ ᠦ ᠴᠡᠴᠡᠷᠯᠢᠭ ᠦᠨ ᠣᠷᠣᠨ ᠪᠦᠰᠡ ᠶᠢᠨ ᠭᠠᠵᠠᠷ ᠰᠢᠨᠵᠢᠯᠡᠭᠡᠨ ᠦ ᠬᠤᠪᠢᠰᠤᠯᠲᠠ ᠶᠢᠨ ᠲᠡᠦᠬᠡ ᠂ ᠨᠡᠶᠢᠲᠡᠯᠢᠭ ᠲᠥᠯᠥᠭᠡᠯᠡᠬᠦ ᠠᠴᠢ ᠬᠣᠯᠪᠣᠭᠳᠠᠯ ᠪᠥᠬᠥᠶ ᠭᠠᠵᠠᠷ ᠰᠢᠨᠵᠢᠯᠡᠭᠡᠨ ᠦ ᠪᠠᠭᠤᠷᠢ ᠪᠠ ᠭᠠᠵᠠᠷ ᠰᠢᠨᠵᠢᠯᠡᠭᠡᠨ ᠦ ᠭᠠᠶᠢᠬᠠᠮᠰᠢᠭᠲᠤ ᠦᠵᠡᠮᠵᠢ ᠶᠢ ᠳᠡᠯᠭᠡᠨ ᠦᠵᠡᠭᠦᠯᠵᠡᠶ᠃ ᠮᠦᠽᠧᠶ ᠳᠦ ᠬᠠᠳᠠᠭᠠᠯᠠᠭᠳᠠᠵᠤ ᠪᠠᠶᠢᠭ᠎ᠠ ᠡᠳ᠋ ᠨᠢ ᠨᠠᠷᠢᠯᠢᠭ ᠰᠠᠶᠢᠬᠠᠨ ᠂ ᠲᠥᠷᠥᠯ ᠵᠦᠢᠯ ᠨᠢ ᠪᠠᠶᠠᠯᠢᠭ ᠂ ᠦᠵᠡᠭᠦᠯᠦᠯᠭᠡ ᠶᠢᠨ ᠠᠷᠭ᠎ᠠ ᠪᠠᠷᠢᠯ ᠨᠢ ᠣᠯᠠᠨ ᠶᠠᠩᠵᠤ ᠶᠢᠨ ᠪᠠᠶᠢᠵᠤ ᠂ ᠡᠷᠲᠡᠨ ᠦ ᠠᠮᠢᠳᠤ ᠪᠣᠳᠠᠰ ᠤᠨ ᠴᠢᠯᠠᠭᠤᠵᠢᠮᠠᠯ ᠂ ᠡᠷᠲᠡᠨ ᠦ ᠠᠮᠢᠳᠤ ᠪᠣᠳᠠᠰ ᠤᠨ ᠰᠤᠳᠤᠯᠤᠯ ᠂ ᠭᠠᠵᠠᠷ ᠤᠨ ᠮᠡᠳᠡᠯᠭᠡ ᠶᠢ ᠲᠦᠭᠡᠮᠡᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠮᠦᠽᠧᠶ ᠪᠣᠯᠤᠨ᠎ᠠ᠃