ᠵᠤᠬᠢᠶᠠᠭᠴᠢ:
ᠴᠠᠭ:2022-06-03
ᠥᠵᠡᠭᠰᠡᠨ : ℃
ᠢᠷᠡᠯᠲᠡ:
ᠬᠢᠩᠭᠠᠨ ᠠᠶᠢᠮᠠᠭ ( ᠲᠠᠪᠤ )
1960 ᠣᠨ ᠤ 7 ᠰᠠᠷ᠎ᠠ ᠶᠢᠨ 17 ᠤ ᠡᠳᠦᠷ ᠂ ᠲᠦᠴᠢᠦᠸᠠᠨ ᠰᠢᠶᠠᠨ ᠢ ᠬᠠᠰᠤᠵᠤ ᠂ ᠵᠠᠰᠠᠭ ᠵᠠᠬᠢᠷᠭᠠᠨ ᠤ ᠣᠷᠣᠨ ᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠳᠤ ᠨᠡᠶᠢᠯᠡᠭᠦᠯᠦᠨ ᠣᠷᠣᠭᠤᠯᠪᠠ᠃ 1962 ᠣᠨ ᠤ 10 ᠰᠠᠷ᠎ᠠ ᠶᠢᠨ 20 ᠤ ᠡᠳᠦᠷ ᠂ ᠲᠦᠴᠢᠦᠸᠠᠨ ᠰᠢᠶᠠᠨ ᠢ ᠰᠡᠷᠭᠦᠭᠡᠪᠡ᠃ 1965 ᠣᠨ ᠤ 8 ᠰᠠᠷ᠎ᠠ ᠶᠢᠨ 24 ᠦ ᠡᠳᠦᠷ ᠬᠥᠯᠥᠨ ᠪᠣᠶᠢᠷ ᠠᠶᠢᠮᠠᠭ ( ᠣᠳᠣ ᠶᠢᠨ ᠬᠥᠯᠥᠨ ᠪᠣᠶᠢᠷ ᠬᠣᠲᠠ ) ᠤᠨ ᠬᠠᠷᠢᠶᠠᠨ ᠳᠠᠬᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠶᠢ ᠵᠢᠷᠢᠮ ᠠᠶᠢᠮᠠᠭ ( ᠣᠳᠣ ᠶᠢᠨ ᠲᠦᠩᠯᠢᠶᠣᠤ ᠬᠣᠲᠠ ) ᠤᠨ ᠤᠳᠤᠷᠢᠳᠤᠯᠭ᠎ᠠ ᠳᠤ ᠬᠠᠷᠢᠶᠠᠯᠠᠭᠤᠯᠪᠠ᠃ 1969 ᠣᠨ ᠤ 7 ᠰᠠᠷ᠎ᠠ ᠶᠢᠨ 5 ᠤ ᠡᠳᠦᠷ ᠂ ᠵᠠᠯᠠᠶᠢᠳ ᠬᠣᠰᠢᠭᠤ ᠬᠥᠯᠥᠨ ᠪᠣᠶᠢᠷ ᠠᠶᠢᠮᠠᠭ ᠢ ᠳᠠᠭᠠᠵᠤ ᠬᠠᠷᠠᠮᠥ᠋ᠷᠡᠨ ᠮᠤᠵᠢ ᠳᠤ ᠬᠠᠷᠢᠶᠠᠯᠠᠭᠳᠠᠵᠤ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠂ ᠲᠦᠴᠢᠦᠸᠠᠨ ᠰᠢᠶᠠᠨ ᠭᠢᠷᠢᠨ ᠮᠤᠵᠢ ᠶᠢᠨ ᠪᠠᠶ ᠴᠧᠩ ᠣᠷᠣᠨ ᠳᠤ ᠬᠠᠷᠢᠶᠠᠯᠠᠭᠳᠠᠵᠤ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠵᠢᠷᠢᠮ ᠢ ᠳᠠᠭᠠᠵᠤ ᠭᠢᠷᠢᠨ ᠮᠤᠵᠢ ᠳᠤ ᠬᠠᠷᠢᠶᠠᠯᠠᠭᠳᠠᠪᠠ᠃
1979 ᠣᠨ ᠤ 5 ᠰᠠᠷ᠎ᠠ ᠶᠢᠨ 30 ᠤ ᠡᠳᠦᠷ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠂ ᠵᠠᠯᠠᠶᠢᠳ ᠬᠣᠰᠢᠭᠤ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠂ ᠲᠦᠴᠢᠦᠸᠠᠨ ᠰᠢᠶᠠᠨ ᠢ ᠬᠠᠷᠠᠮᠥ᠋ᠷᠡᠨ ᠮᠤᠵᠢ ᠂ ᠭᠢᠷᠢᠨ ᠮᠤᠵᠢ ᠲᠤᠰ ᠲᠤᠰ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠪᠠ᠃ ᠵᠠᠯᠠᠶᠢᠳ ᠬᠣᠰᠢᠭᠤ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠪᠣᠯᠤᠨ ᠲᠦᠴᠢᠦᠸᠠᠨ ᠰᠢᠶᠠᠨ ᠮᠥᠨ ᠬᠥᠯᠥᠨ ᠪᠣᠶᠢᠷ ᠠᠶᠢᠮᠠᠭ ᠤᠨ ᠬᠤᠪᠢᠰᠬᠠᠯ ᠤᠨ ᠵᠥᠪᠯᠡᠯ ᠦᠨ ᠬᠠᠷᠢᠶᠠᠨ ᠳᠤ ᠬᠠᠷᠢᠶᠠᠯᠠᠭᠳᠠᠵᠤ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠨᠢ ᠵᠢᠷᠢᠮ ᠦᠨ ᠬᠠᠷᠢᠶᠠᠨ ᠳᠤ ᠃ 1980 ᠣᠨ ᠤ 7 ᠰᠠᠷ᠎ᠠ ᠶᠢᠨ 26 ᠋ ᠤ ᠡᠳᠦᠷ ᠂ ᠲᠦᠷᠦ ᠶᠢᠨ ᠶᠠᠪᠤᠳᠠᠯ ᠤᠨ ᠬᠣᠷᠢᠢ᠎ᠠ ᠠᠴᠠ ᠵᠥᠪᠰᠢᠶᠡᠷᠡᠵᠦ ᠂ ᠬᠢᠩᠭᠠᠨ ᠠᠶᠢᠮᠠᠭ ᠤᠨ ᠪᠠᠶᠢᠭᠤᠯᠤᠮᠵᠢ ᠶᠢ ᠰᠡᠷᠭᠦᠭᠡᠪᠡ᠃ 10 ᠰᠠᠷ᠎ᠠ ᠶᠢᠨ 1 ᠦ ᠡᠳᠦᠷ ᠂ ᠬᠢᠩᠭᠠᠨ ᠠᠶᠢᠮᠠᠭ ᠤᠨ ᠵᠠᠬᠢᠷᠭ᠎ᠠ ᠪᠠᠶᠢᠭᠤᠯᠤᠭᠳᠠᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ ᠪᠣᠯᠪᠠ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ( ᠤᠯᠠᠭᠠᠨᠬᠣᠲᠠ ᠳᠤ ) ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ( ᠪᠠᠶᠠᠨᠬᠤᠰᠢᠭᠤ ᠪᠠᠯᠭᠠᠰᠤᠨ ᠳᠤ ) ᠂ ᠵᠠᠯᠠᠶᠢᠳ ᠬᠣᠰᠢᠭᠤ ( ᠢᠨᠳᠡᠷ ᠪᠠᠯᠭᠠᠰᠤᠨ ᠳᠤ ) ᠂ ᠲᠦᠴᠢᠦᠸᠠᠨ ᠰᠢᠶᠠᠨ ( ᠲᠦᠴᠢᠦᠸᠠᠨ ᠪᠠᠯᠭᠠᠰᠤᠨ ᠳᠤ ) ᠢ ᠃ ᠡᠭᠦᠨ ᠦ ᠬᠠᠮᠲᠤ ᠤᠯᠠᠭᠠᠨᠬᠣᠲᠠ ( ᠰᠢᠶᠠᠨ ᠤ ᠱᠠᠲᠤ ) ᠂ ᠬᠢᠩᠭᠠᠨ ᠠᠶᠢᠮᠠᠭ ᠤᠨ ᠵᠠᠬᠢᠷᠭ᠎ᠠ ᠶᠢ ᠤᠯᠠᠭᠠᠨᠬᠣᠲᠠ ᠳᠤ ᠃
1995 ᠣᠨ ᠳᠤ ᠬᠢᠩᠭᠠᠨ ᠠᠶᠢᠮᠠᠭ ᠲᠤ 1 ᠬᠤᠳᠠ ᠂ 3 ᠬᠣᠰᠢᠭᠤ ᠂ 1 ᠰᠢᠶᠠᠨ ᠂ 1 ᠲᠣᠭᠣᠷᠢᠭ ᠂ 35 ᠰᠤᠮᠤ ᠂ 32 ᠰᠢᠶᠠᠩ ᠂ 17 ᠪᠠᠯᠭᠠᠰᠤ ᠂ 10 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 473 ᠭᠠᠴᠠᠭ᠎ᠠ ᠂ 435 ᠵᠠᠰᠠᠭ ᠵᠠᠬᠢᠷᠭᠠᠨ ᠤ ᠲᠣᠰᠬᠣᠨ ᠢ ᠬᠠᠷᠢᠶᠠᠯᠠᠭᠤᠯᠪᠠ᠃
1996 ᠣᠨ ᠤ 6 ᠰᠠᠷ᠎ᠠ ᠶᠢᠨ 10 ᠤ ᠡᠳᠦᠷ ᠂ ᠲᠦᠷᠦ ᠶᠢᠨ ᠶᠠᠪᠤᠳᠠᠯ ᠤᠨ ᠬᠣᠷᠢᠶᠠᠨ ᠤ ᠵᠥᠪᠰᠢᠶᠡᠷᠡᠯ ᠢᠶᠡᠷ ᠷᠠᠰᠢᠶᠠᠨ ᠬᠤᠳᠠ ᠶᠢ ᠪᠠᠶᠢᠭᠤᠯᠵᠤ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ ᠤ ᠷᠠᠰᠢᠶᠠᠨ ᠣᠷᠣᠨ ᠢ ᠷᠠᠰᠢᠶᠠᠨ ᠬᠤᠳᠠ ᠶᠢᠨ ᠵᠠᠰᠠᠭ ᠵᠠᠬᠢᠷᠭᠠᠨ ᠤ ᠣᠷᠣᠨ ᠪᠣᠯᠭᠠᠪᠠ᠃
1997 ᠣᠨ ᠳᠤ 2 ᠬᠣᠲᠠ ᠂ 3 ᠬᠣᠰᠢᠭᠤ ᠂ 1 ᠰᠢᠶᠠᠨ ᠂ 35 ᠰᠤᠮᠤ ᠂ 32 ᠰᠢᠶᠠᠩ ᠂ 17 ᠪᠠᠯᠭᠠᠰᠤ ᠂ 10 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶᠠᠯᠠᠭᠤᠯᠪᠠ ᠃
2006 ᠣᠨ ᠳᠤ 2 ᠬᠣᠲᠠ ᠂ 3 ᠬᠣᠰᠢᠭᠤ ᠂ 1 ᠰᠢᠶᠠᠨ ᠂ 5 ᠰᠤᠮᠤ ᠂ 2 ᠰᠢᠶᠠᠩ ᠂ 32 ᠪᠠᠯᠭᠠᠰᠤ ᠂ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶᠠᠯᠠᠭᠤᠯᠪᠠ ᠃
2012 ᠣᠨ ᠳᠤ 2 ᠬᠣᠲᠠ ᠂ 3 ᠬᠣᠰᠢᠭᠤ ᠂ 1 ᠰᠢᠶᠠᠨ ᠂ 12 ᠰᠤᠮᠤ ᠂ 8 ᠰᠢᠶᠠᠩ ᠂ 36 ᠪᠠᠯᠭᠠᠰᠤ ᠂ 15 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶᠠᠯᠠᠭᠤᠯᠪᠠ ᠃
2019 ᠣᠨ ᠪᠣᠯᠲᠠᠯ᠎ᠠ ᠂ ᠬᠢᠩᠭᠠᠨ ᠠᠶᠢᠮᠠᠭ ᠲᠤ 2 ᠬᠤᠳᠠ ᠂ 3 ᠬᠣᠰᠢᠭᠤ ᠂ 1 ᠰᠢᠶᠠᠨ ᠂ 12 ᠰᠤᠮᠤ ᠂ 8 ᠰᠢᠶᠠᠩ ᠂ 36 ᠪᠠᠯᠭᠠᠰᠤ ᠂ 15 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠷᠢᠶᠠᠯᠠᠭᠤᠯᠪᠠ᠃