ᠵᠤᠬᠢᠶᠠᠭᠴᠢ:
ᠴᠠᠭ:2022-10-14
ᠥᠵᠡᠭᠰᠡᠨ : ℃
ᠢᠷᠡᠯᠲᠡ:
ᠰᠢᠯᠢ ᠶᠢᠨ ᠭᠣᠸᠯ ᠠᠶᠢᠮᠠᠭ ᠤᠨ ᠰᠢᠯᠢ ᠶᠢᠨ ᠬᠣᠲᠠ ︵ ᠨᠢᠭᠡ ︶
ᠰᠢᠯᠢ ᠶᠢᠨ ᠬᠣᠲᠠ ᠪᠣᠯ ᠰᠢᠯᠢ ᠶᠢᠨ ᠭᠣᠸᠯ ᠠᠶᠢᠮᠠᠭ ᠤᠨ ᠳᠤᠮᠳᠠ ᠪᠡᠶ᠎ᠡ ᠳᠦ ᠪᠠᠶᠢᠷᠢᠯᠠᠵᠤ ᠂ ᠰᠢᠯᠢ ᠶᠢᠨ ᠭᠣᠸᠯ ᠠᠶᠢᠮᠠᠭ ᠤᠨ ᠵᠠᠬᠢᠷᠭ᠎ᠠ ᠶᠢᠨ ᠪᠠᠶᠢᠭ᠎ᠠ ᠭᠠᠵᠠᠷ ᠪᠣᠯᠤᠨ᠎ᠠ ᠂ ᠪᠥᠬᠥ ᠠᠶᠢᠮᠠᠭ ᠤᠨ ᠤᠯᠤᠰ ᠲᠥᠷᠥ ᠂ ᠠᠵᠤ ᠠᠬᠤᠶ ᠂ ᠰᠣᠶᠣᠯ ᠂ ᠰᠤᠷᠭᠠᠨ ᠬᠥᠮᠦᠵᠢᠯ ᠪᠠ ᠵᠠᠮ ᠬᠠᠷᠢᠯᠴᠠᠭᠠᠨ ᠤ ᠲᠥᠪ ᠪᠠᠶᠢᠵᠤ ᠂ 《 ᠲᠠᠯ᠎ᠠ ᠨᠤᠲᠤᠭ ᠤᠨ ᠭᠡᠷᠡᠯᠲᠦ ᠰᠤᠪᠤᠳ 》 ᠭᠡᠰᠡᠨ ᠨᠡᠷ᠎ᠡ ᠲᠡᠶ ᠶᠤᠮ ᠃ ᠶᠡᠷᠦᠩᠬᠡᠶ ᠲᠠᠯᠠᠪᠠᠶ ᠨᠢ 14780 ᠲᠡᠭᠰᠢ ᠳᠥᠷᠪᠡᠯᠵᠢᠨ ᠺᠢᠯᠣᠮᠧᠲ᠋ᠷ ᠪᠣᠯᠤᠨ᠎ᠠ ᠃

ᠰᠢᠯᠢ ᠶᠢᠨ ᠬᠣᠲᠠ ᠶᠢᠨ ᠭᠠᠵᠠᠷ ᠤᠨ ᠪᠠᠶᠢᠴᠠ ᠨᠢ ᠤᠷᠳᠤᠭᠤᠷ ᠢᠶᠠᠨ ᠥᠨᠳᠥᠷ ᠬᠣᠢᠭᠤᠷ ᠢᠶᠠᠨ ᠨᠠᠮ ᠳᠣᠸᠷ᠎ᠠ ᠪᠠᠶᠢᠳᠠᠭ ᠃ ᠡᠮᠥᠨ᠎ᠡ ᠪᠡᠶ᠎ᠡ ᠨᠢ ᠨᠠᠮᠠᠬᠨ ᠠᠭᠤᠯᠠ ᠳᠣᠪᠣᠷᠬᠠᠭ ᠂ ᠬᠣᠢᠲᠦ ᠪᠡᠶ᠎ᠡ ᠨᠢ ᠨᠠᠮᠬᠠᠨ ᠬᠡᠭᠡᠷ᠎ᠡ ᠲᠠᠯ᠎ᠠ ᠪᠠᠶᠢᠵᠤ ᠂ ᠳᠠᠯᠠᠶ ᠶᠢᠨ ᠲᠦᠪᠰᠢᠨ ᠡᠴᠡ ᠳᠤᠮᠳᠠᠴᠢ ᠪᠠᠷ 988.5 ᠮᠧᠲ᠋ᠷ ᠡᠷᠭᠦᠭᠳᠡᠵᠦ ᠂ ᠭᠠᠵᠠᠷ ᠤᠨ ᠨᠢ ᠲᠣᠭᠲᠠᠭᠤᠨ ᠂ ᠭᠠᠶ ᠭᠠᠮᠰᠢᠭ ᠲᠤᠶᠢᠯ ᠤᠨ ᠴᠥᠭᠡᠨ ᠡᠭᠦᠰᠳᠡᠭ ᠃ ᠳᠤᠮᠳᠠ ᠥᠷᠭᠡᠷᠢᠭ ᠦᠨ ᠪᠠᠷᠠᠭᠤᠨ ᠰᠠᠯᠬᠢᠨ ᠤ ᠠᠭᠠᠷ ᠤᠨ ᠤᠷᠤᠰᠬᠠᠯ ᠤᠨ ᠪᠦᠰᠡᠨ ᠳᠦ ᠣᠷᠣᠰᠢᠵᠤ ᠂ ᠳᠤᠮᠳᠠ ᠰᠡᠷᠢᠭᠦᠨ ᠪᠦᠰᠡᠨ ᠦ ᠡᠬᠡ ᠭᠠᠵᠠᠷ ᠤᠨ ᠴᠢᠨᠠᠷᠲᠠᠶ ᠵᠠᠷᠢᠮᠳᠤᠭ ᠠᠭᠤᠷ ᠠᠮᠢᠰᠬᠤᠯ ᠳᠤ ᠬᠠᠷᠢᠶᠠᠯᠠᠭᠳᠠᠵᠤ ᠂ ᠲᠤᠨᠳᠠᠰᠤᠨ ᠤ ᠬᠡᠮᠵᠢᠶ᠎ᠡ ᠨᠢ 309 ᠮᠢᠯᠢᠮᠧᠲ᠋ᠷ ᠂ ᠬᠢᠷᠠᠭᠤ ᠦᠭᠡᠶ ᠬᠤᠭᠤᠴᠠᠭ᠎ᠠ ᠨᠢ 144 ᠡᠳᠦᠷ ᠂ ᠵᠢᠯ ᠦᠨ ᠳᠤᠮᠳᠠᠴᠢ ᠳᠤᠯᠠᠭᠠᠨ ᠤ ᠬᠡᠮᠵᠢᠶ᠎ᠡ ᠨᠢ 0-3℃ ᠪᠠᠶᠢᠵᠤ ᠂ ᠠᠭᠤᠷ ᠠᠮᠢᠰᠬᠤᠯ ᠨᠡᠯᠢᠶᠡᠳ ᠰᠡᠷᠢᠭᠦᠨ ᠪᠠᠶᠢᠳᠠᠭ ᠃ ᠰᠢᠯᠢ ᠶᠢᠨ ᠬᠣᠲᠠ ᠨᠤᠭᠤ ᠶᠢᠨ ᠬᠡᠭᠡᠷ᠎ᠡ ᠲᠠᠯ᠎ᠠ ᠂ ᠵᠢᠩᠬᠢᠨᠢ ᠬᠡᠭᠡᠷ᠎ᠡ ᠲᠠᠯ᠎ᠠ ᠂ ᠵᠠᠷᠢᠮᠳᠤᠭ ᠴᠥᠯ ᠬᠡᠭᠡᠷ᠎ᠡ ᠲᠠᠯ᠎ᠠ ᠂ ᠡᠯᠡᠰᠦᠷᠬᠡᠭ ᠬᠡᠭᠡᠷ᠎ᠡ ᠲᠠᠯ᠎ᠠ ᠶᠢᠨ ᠭᠠᠵᠠᠷ ᠨᠤᠲᠤᠭ ᠢ ᠰᠤᠨᠳᠠᠯᠠᠵᠤ ᠂ ᠮᠠᠯ ᠠᠵᠤ ᠠᠬᠤᠶ ᠶᠢᠨ ᠦᠶᠯᠡᠳᠪᠦᠷᠢᠯᠡᠯ ᠪᠠ ᠬᠥᠭᠵᠢᠯᠲᠡ ᠶᠢᠨ ᠡᠯᠪᠡᠭ ᠪᠠᠶᠠᠯᠢᠭ ᠨᠥᠬᠥᠴᠡᠯ ᠢ ᠪᠦᠷᠢᠯᠳᠦᠭᠦᠯᠦᠭᠰᠡᠨ ᠪᠠᠢᠳᠠᠭ ᠃
ᠬᠣᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠂ ᠭᠣᠣᠯᠳᠠᠭᠤ ᠴᠢᠯᠠᠭᠤᠨ ᠲᠣᠰᠣ ᠵᠡᠷᠭᠡ 30 ᠭᠠᠷᠤᠶ ᠵᠦᠢᠯ ᠪᠣᠢ ᠃ ᠨᠤᠲᠤᠭ ᠪᠡᠯᠴᠢᠭᠡᠷ ᠦᠨ ᠲᠥᠷᠥᠯ ᠬᠡᠯᠪᠡᠷᠢ ᠨᠢ ᠪᠦᠷᠢᠨ ᠪᠦᠲᠦᠨ ᠂ ᠠᠰᠢᠭᠯᠠᠵᠤ ᠴᠢᠨᠠᠷ ᠰᠠᠶᠢᠲᠠᠶ ᠪᠠᠶᠢᠭᠠᠯᠢ ᠶᠢᠨ ᠪᠡᠯᠴᠢᠭᠡᠷ ᠦᠨ ᠲᠠᠯᠠᠪᠠᠶ ᠨᠢ 2095 ᠲᠦᠮᠡᠨ ᠮᠥ ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠷᠢᠨ ᠪᠦᠲᠦᠨ ᠬᠠᠳᠠᠭᠠᠯᠠᠵᠤ ᠂ ᠬᠡᠭᠡᠷ᠎ᠡ ᠶᠢᠨ ᠦᠷᠡᠲᠦ ᠤᠷᠭᠤᠮᠠᠯ 1248 ᠵᠦᠶᠯ ᠂ ᠪᠠᠢᠩᠭᠤ ᠪᠠᠢᠳᠠᠭ ᠤᠷᠭᠤᠮᠠᠯ 671 ᠵᠦᠶᠯ ᠪᠠᠶᠢᠨ᠎ᠠ ᠃ ᠴᠡᠪᠡᠷ ᠡᠨᠧᠷᠭᠢ ᠡᠯᠪᠡᠭ ᠪᠠᠶᠠᠯᠢᠭ ᠪᠠᠶᠢᠵᠤ ᠂ ᠰᠠᠯᠬᠢᠨ ᠤ ᠡᠨᠧᠷᠭᠢ ᠂ ᠨᠡᠷᠡᠨ ᠦ ᠡᠨᠧᠷᠭᠢ ᠪᠠᠷ ᠢᠶᠠᠨ ᠴᠥᠮ ᠤᠯᠤᠰ ᠤᠨ ᠨᠢᠭᠡᠳᠦᠭᠡᠷ ᠲᠥᠷᠥᠯ ᠦᠨ ᠭᠠᠵᠠᠷ ᠣᠷᠣᠨ ᠳᠤ ᠬᠠᠷᠢᠶᠠᠯᠠᠭᠳᠠᠵᠤ ᠂ ᠵᠢᠯ ᠦᠨ ᠳᠤᠮᠳᠠᠴᠢ ᠰᠠᠯᠬᠢᠨ ᠤ ᠬᠤᠷᠳᠤᠴᠠ ᠨᠢ ᠰᠧᠺᠦ᠋ᠨ᠋ᠳ᠋ ᠪᠦᠷᠢ 3.5 ᠮᠧᠲ᠋ᠷ ᠪᠠᠶᠢᠵᠤ ᠂ ᠵᠢᠯ ᠦᠨ ᠪᠦᠲᠦᠮᠵᠢᠲᠡᠶ ᠰᠠᠯᠬᠢᠨ ᠤ ᠡᠨᠧᠷᠭᠢ ᠶᠢᠨ ᠠᠰᠢᠭᠯᠠᠯᠲᠠ ᠶᠢᠨ ᠴᠠᠭ ᠤᠨ ᠲᠣᠭ᠎ᠠ ᠨᠢ 2800 ᠴᠠᠭ ᠣᠷᠴᠢᠮ ᠪᠣᠯᠤᠨ᠎ᠠ ᠨᠡᠷᠡᠨ ᠦ ᠡᠨᠧᠷᠭᠢ ᠶᠢᠨ ᠶᠡᠷᠦᠩᠬᠡᠶ ᠬᠠᠳᠠᠭᠠᠯᠠᠭᠳᠠᠴᠠ ᠶᠢᠨ ᠬᠡᠮᠵᠢᠶ᠎ᠡ ᠨᠢ 2.5 ᠳ᠋ᠦᠩᠰᠢᠭᠤᠷ ᠺᠢᠯᠣᠸᠠᠲ ᠲᠤ ᠬᠦᠷᠴᠦ ᠂ ᠵᠢᠯ ᠦᠨ ᠨᠡᠷᠡᠨ ᠦ ᠲᠤᠰᠤᠯᠲᠠ ᠶᠢᠨ ᠴᠠᠭ ᠤᠨ ᠲᠣᠭ᠎ᠠ ᠨᠢ 3000 ᠴᠠᠭ ᠣᠷᠴᠢᠮ ᠪᠠᠶᠢᠵᠤ ᠂ ᠵᠢᠯ ᠦᠨ ᠨᠡᠷᠡᠨ ᠦ ᠰᠠᠴᠤᠷᠠᠯᠲᠠ ᠶᠢᠨ ᠶᠡᠷᠦᠩᠬᠡᠶ ᠬᠡᠮᠵᠢᠶ᠎ᠡ ᠨᠢ ᠳᠤᠮᠳᠠᠴᠢ ᠪᠠᠷ 150 ᠺᠢᠯᠣᠺᠠᠯᠣᠷᠢ\ ᠲᠡᠭᠰᠢ ᠳᠥᠷᠪᠡᠯᠵᠢᠨ ᠰᠠᠨᠲ᠋ᠢᠮᠧᠲ᠋ᠷ ᠡᠴᠡ ᠳᠡᠭᠡᠭᠰᠢ ᠪᠠᠶᠢᠳᠠᠭ ᠃