ᠵᠤᠬᠢᠶᠠᠭᠴᠢ:
ᠴᠠᠭ:2022-11-12
ᠥᠵᠡᠭᠰᠡᠨ : ℃
ᠢᠷᠡᠯᠲᠡ:
ᠰᠢᠯᠢ ᠶᠢᠨ ᠭᠣᠸᠯ ᠠᠶᠢᠮᠠᠭ ᠤᠨ ᠠᠪᠠᠭ᠎ᠠ ᠬᠣᠰᠢᠭᠤ ︵ ᠨᠢᠭᠡ ︶
ᠠᠪᠠᠭ᠎ᠠ ᠬᠣᠰᠢᠭᠤ ᠰᠢᠯᠢ ᠶᠢᠨ ᠭᠣᠣᠯ ᠠᠶᠢᠮᠠᠭ ᠤᠨ ᠳᠤᠮᠳᠠ ᠬᠣᠶᠢᠲᠤ ᠪᠡᠶ᠎ᠡ ᠳᠦ ᠪᠠᠶᠢᠷᠢᠯᠠᠵᠤ᠂ ᠵᠡᠭᠦᠨ ᠪᠡᠶ᠎ᠡ ᠪᠡᠷ ᠢᠶᠡᠨ ᠵᠡᠭᠦᠨ ᠦᠵᠦᠮᠦᠴᠢᠨ ᠬᠣᠰᠢᠭᠤ᠂ ᠰᠢᠯᠢ ᠶᠢᠨ ᠬᠣᠲᠠ ᠲᠠᠶ ᠬᠥᠷᠰᠢᠯᠡᠵᠦ᠂ ᠪᠠᠷᠠᠭᠤᠨ ᠪᠡᠶ᠎ᠡ ᠪᠡᠷ ᠢᠶᠡᠨ ᠰᠥᠨᠢᠳ ᠵᠡᠭᠦᠨ ᠬᠣᠰᠢᠭᠤ ᠲᠠᠶ ᠬᠥᠷᠰᠢᠯᠡᠵᠦ᠂ ᠡᠮᠦᠨ᠎ᠡ ᠪᠡᠶ᠎ᠡ ᠪᠡᠷ ᠢᠶᠡᠨ ᠰᠢᠯᠤᠭᠤᠨ ᠬᠦᠬᠡ ᠬᠣᠰᠢᠭᠤ ᠲᠠᠶ ᠵᠠᠯᠭᠠᠯᠳᠤᠵᠤ᠂ ᠬᠣᠶᠢᠲᠤ ᠪᠡᠶ᠎ᠡ ᠪᠡᠷ ᠢᠶᠡᠨ ᠮᠣᠩᠭᠣᠯ ᠤᠯᠤᠰ ᠯᠤᠭ᠎ᠠ ᠬᠢᠯᠢ ᠵᠠᠯᠭᠠᠯᠳᠥᠵᠦ ᠪᠠᠢᠳᠠᠭ ᠂ ᠬᠢᠯᠢ ᠶᠢᠨ ᠱᠤᠭᠤᠮ ᠤᠨ ᠤᠷᠳᠤ ᠨᠢ 175 ᠪᠠᠶᠢᠳᠠᠭ᠃ ᠶᠡᠷᠦᠩᠬᠡᠶ ᠲᠠᠯᠠᠪᠠᠶ ᠨᠢ 27495 ᠲᠡᠭᠰᠢ ᠳᠥᠷᠪᠡᠯᠵᠢᠨ ᠺᠢᠯᠣᠮᠧᠲ᠋ᠷ ᠪᠣᠯᠤᠨ᠎ᠠ ᠃
ᠠᠪᠠᠭ᠎ᠠ ᠬᠣᠰᠢᠭᠤ ᠥᠪᠥᠷ ᠮᠣᠩᠭᠣᠯ ᠤᠨ ᠥᠨᠳᠥᠷᠯᠢᠭ ᠦᠨ ᠵᠡᠭᠦᠨ ᠬᠡᠰᠡᠭ ᠲᠦ ᠪᠠᠶᠢᠷᠢᠯᠠᠵᠤ ᠂ ᠭᠠᠵᠠᠷ ᠤᠨ ᠪᠠᠶᠢᠴᠠ ᠨᠢ ᠶᠡᠷᠦᠩᠬᠡᠶ ᠳᠡᠭᠡᠨ ᠵᠡᠭᠦᠨ ᠡᠴᠡ ᠪᠠᠷᠠᠭᠤᠨᠰᠢ ᠬᠡᠯᠪᠡᠶᠢᠪᠡ ᠃ ᠳᠠᠯᠠᠶ ᠶᠢᠨ ᠲᠦᠪᠰᠢᠨ ᠡᠴᠡ 960 ~ 1500 ᠮᠧᠲ᠋ᠷ ᠡᠷᠭᠦᠭᠳᠡᠭᠰᠡᠨ ᠪᠠᠶᠢᠨ᠎ᠠ ᠃ ᠭᠠᠵᠠᠷ ᠤᠨ ᠲᠥᠷᠬᠦ ᠶᠢᠨ ᠲᠥᠷᠥᠯ ᠵᠦᠢᠯ ᠳᠦ ᠨᠠᠮᠠᠬᠨ ᠠᠭᠤᠯᠠ ᠂ ᠳᠣᠪᠣᠷᠬᠠᠭ ᠂ ᠥᠨᠳᠥᠷ ᠲᠠᠯ᠎ᠠ ᠭᠠᠵᠠᠷ ᠂ ᠬᠠᠶᠢᠯᠤᠮᠠᠯ ᠴᠢᠯᠠᠭᠤᠯᠢᠭ ᠤᠨ ᠳᠡᠨᠵᠢ ᠭᠠᠵᠠᠷ ᠪᠠ ᠡᠯᠡᠰᠦᠷᠬᠡᠭ ᠭᠠᠵᠠᠷ ᠪᠠᠢᠳᠠᠭ ᠃ ᠰᠡᠷᠢᠭᠦᠨ ᠪᠦᠰᠡᠨ ᠦ ᠵᠠᠷᠢᠮᠳᠤᠭ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ ᠂ ᠳᠥᠷᠪᠡᠨ ᠤᠯᠠᠷᠢᠯ ᠲᠣᠳᠣᠷᠬᠠᠶ ᠂ ᠲᠤᠰ ᠲᠤᠰ ᠦᠨ ᠣᠨᠴᠠᠯᠢᠭ ᠲᠠᠶ ᠪᠠᠶᠢᠳᠠᠭ ᠃
ᠠᠪᠠᠭ᠎ᠠ ᠬᠣᠰᠢᠭᠤᠨ ᠤ ᠡᠬᠢ ᠪᠠᠶᠠᠯᠢᠭ ᠮᠠᠰᠢ ᠡᠯᠪᠡᠭ ᠃ ᠬᠣᠰᠢᠭᠤᠨ ᠤ ᠬᠡᠪᠴᠢᠶᠡᠨ ᠳᠦ ᠦᠷᠡᠲᠦ ᠤᠷᠭᠤᠮᠠᠯ 426 ᠵᠦᠢᠯ ᠪᠠᠶᠢᠬᠤ ᠶᠢᠨ ᠳᠣᠲᠣᠷ᠎ᠠ ᠡᠮ ᠳᠦ ᠣᠷᠣᠬᠤ ᠤᠷᠭᠤᠮᠠᠯ 200 ᠭᠠᠷᠤᠶ ᠵᠦᠢᠯ ᠃ 24 ᠵᠦᠢᠯ ᠦᠨ ᠠᠭᠤᠷᠬᠠᠶ ᠶᠢᠨ ᠡᠬᠢ ᠪᠠᠶᠠᠯᠢᠭ ᠢ ᠢᠯᠡᠷᠡᠭᠦᠯᠦᠭᠡᠳ ᠪᠠᠢᠨ᠎ᠠ ᠃ ᠪᠠᠶᠢᠴᠠᠭᠠᠨ ᠲᠤᠳᠤᠯᠠᠭᠰᠠᠨ ᠨᠡᠭᠦᠷᠡᠰᠦᠨ ᠦ ᠬᠠᠳᠠᠭᠠᠯᠠᠭᠳᠠᠴᠠ 103.86 ᠳ᠋ᠦᠩᠰᠢᠭᠤᠷ ᠲᠣᠨ ᠪᠠᠢᠨ᠎ᠠ ᠬᠤᠰᠢᠭᠤ ᠨᠤᠲᠤᠭ ᠤᠨ ᠰᠠᠯᠬᠢᠨ ᠤ ᠡᠨᠧᠷᠭᠢ ᠂ ᠨᠡᠷᠡᠨ ᠦ ᠡᠨᠧᠷᠭᠢ ᠶᠢᠨ ᠡᠬᠢ ᠪᠠᠶᠠᠯᠢᠭ ᠨᠡᠯᠢᠶᠡᠳ ᠡᠯᠪᠡᠭ ᠪᠠᠶᠢᠵᠤ ᠂ ᠳᠤᠮᠳᠠᠴᠢ ᠰᠠᠯᠬᠢᠨ ᠤ ᠬᠤᠷᠳᠤᠴᠠ ᠨᠢ 3.5 ᠮᠧᠲ᠋ᠷ \ ᠰᠧᠺᠦ᠋ᠨ᠋ᠳ᠋ ᠂ 70 ᠮᠧᠲ᠋ᠷ ᠥᠨᠳᠥᠷ ᠦᠨ ᠳᠤᠮᠳᠠᠴᠢ ᠰᠠᠯᠬᠢᠨ ᠤ ᠬᠤᠷᠳᠤᠴᠠ ᠨᠢ 8.9 ᠮᠧᠲ᠋ᠷ \ ᠰᠧᠺᠦ᠋ᠨ᠋ᠳ᠋ ᠪᠠᠶᠢᠳᠠᠭ ᠃ ᠵᠢᠯ ᠦᠨ ᠪᠦᠲᠦᠮᠵᠢᠲᠡᠢ ᠴᠠᠬᠢᠯᠭᠠᠨ ᠭᠠᠷᠭᠠᠬᠤ ᠴᠠᠭ ᠨᠢ 2800 ᠴᠠᠭ ᠪᠣᠯᠤᠨ᠎ᠠ᠃ ᠪᠥᠬᠥ ᠵᠢᠯ ᠦᠨ ᠨᠡᠷᠡᠨ ᠦ ᠲᠤᠰᠤᠯᠲᠠ ᠶᠢᠨ ᠳᠤᠮᠳᠠᠴᠢ ᠴᠠᠭ ᠤᠨ ᠲᠣᠭ᠎ᠠ ᠨᠢ 3034.7 ᠴᠠᠭ ᠪᠠᠶᠢᠵᠤ ᠂ ᠵᠢᠯ ᠦᠨ ᠶᠡᠷᠦᠩᠬᠡᠶ ᠰᠠᠴᠤᠷᠠᠯᠲᠠ ᠶᠢᠨ ᠬᠡᠮᠵᠢᠶ᠎ᠡ ᠨᠢ 5967 ᠮᠸᠭᠠ ᠵᠦᠯ /ᠲᠡᠭᠰᠢ ᠳᠥᠷᠪᠡᠯᠵᠢᠨ ᠮᠧᠲ᠋ᠷ ᠪᠣᠯᠤᠨ᠎ᠠ ᠃ ᠪᠥᠬᠥ ᠠᠶᠢᠮᠠᠭ ᠤᠨ ᠬᠠᠮᠤᠭ ᠤᠨ ᠲᠣᠮᠣ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ ᠪᠣᠯᠤᠨ᠎ᠠ ᠃
ᠪᠥᠬᠥ ᠬᠣᠰᠢᠭᠤᠨ ᠤ ᠨᠤᠲᠤᠭ ᠪᠡᠯᠴᠢᠭᠡᠷ ᠦᠨ ᠲᠠᠯᠠᠪᠠᠶ 26985 ᠲᠡᠭᠰᠢ ᠳᠥᠷᠪᠡᠯᠵᠢᠨ ᠺᠢᠯᠣᠮᠧᠲ᠋ᠷ ᠪᠠᠶᠢᠵᠤ ᠂ ᠪᠥᠬᠥ ᠲᠠᠯᠠᠪᠠᠶ ᠶᠢᠨ 98.29% ᠶᠢ ᠡᠵᠡᠯᠡᠵᠦ ᠂ ᠨᠡᠶᠢᠲᠡᠯᠢᠭ ᠨᠤᠲᠤᠭ ᠪᠡᠯᠴᠢᠭᠡᠷ ᠢᠶᠡᠷ ᠭᠣᠣᠯ ᠪᠣᠯᠤᠭᠰᠠᠨ ᠪᠠᠢᠵᠦ ᠂ ᠥᠪᠡᠷᠲᠡᠭᠡᠨ ᠵᠠᠰᠠᠬᠤ ᠣᠷᠣᠨ ᠤ ᠠᠷᠪᠠᠨ ᠶᠡᠬᠡ ᠪᠠᠶᠢᠭᠠᠯᠢ ᠶᠢᠨ ᠬᠠᠳᠤᠯᠠᠩ ᠪᠡᠯᠴᠢᠭᠡᠷ ᠦᠨ ᠨᠢᠭᠡ ᠪᠣᠯᠤᠨ᠎ᠠ ᠃ ᠪᠥᠬᠥ ᠬᠣᠰᠢᠭᠤᠨ ᠤ ᠬᠡᠪᠴᠢᠶᠡᠨ ᠳᠦ ᠶᠡᠬᠡ ᠪᠠᠭ᠎ᠠ ᠨᠠᠭᠤᠷ 100 ᠢᠯᠡᠭᠦᠸ ᠂ ᠠᠰᠢᠭᠯᠠᠯᠲᠠ ᠶᠢᠨ ᠦᠨ᠎ᠡ ᠥᠷᠲᠡᠭ ᠲᠡᠶ ᠨᠠᠭᠤᠷ 12 ᠂ ᠪᠤᠯᠠᠭ 83 ᠃ ᠬᠠᠮᠤᠭ ᠤᠨ ᠶᠡᠬᠡ ᠨᠠᠭᠤᠷ ᠪᠣᠯ ᠬᠦᠷᠴᠠᠭᠠᠨ ᠨᠠᠭᠤᠷ ᠪᠣᠯᠤᠨ᠎ᠠ᠂ ᠪᠡᠯᠭᠦᠳᠡᠢ ᠪᠠᠯᠭᠠᠰᠤ ᠠᠴᠠ ᠪᠠᠷᠠᠭᠤᠨ ᠡᠮᠥᠨᠡᠰᠢ 60 ᠤᠨ ᠵᠠᠢ ᠳᠤ ᠪᠠᠶᠢᠷᠢᠯᠠᠵᠤ᠂ ᠲᠠᠯᠠᠪᠠᠢ ᠨᠢ 109.63 ᠲᠡᠭᠰᠢ ᠳᠥᠷᠪᠡᠯᠵᠢᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠦᠷᠪᠡᠨ ᠶᠡᠬᠡ ᠴᠡᠩᠭᠡᠭ ᠨᠠᠭᠤᠷ ᠤᠨ ᠨᠢᠭᠡ ᠪᠣᠯᠬᠤ ᠪᠥᠭᠡᠳ ᠰᠢᠯᠢ ᠶᠢᠨ ᠭᠣᠣᠯ ᠠᠶᠢᠮᠠᠭ ᠤᠨ ᠬᠠᠮᠤᠭ ᠤᠨ ᠴᠢᠬᠤᠯᠠ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠦᠨ ᠰᠠᠭᠤᠷᠢᠨ ᠭᠠᠵᠠᠷ ᠪᠣᠯᠤᠨ᠎ᠠ᠃