ᠵᠤᠬᠢᠶᠠᠭᠴᠢ:
ᠴᠠᠭ:2022-12-02
ᠥᠵᠡᠭᠰᠡᠨ : ℃
ᠢᠷᠡᠯᠲᠡ:
ᠰᠢᠯᠢ ᠶᠢᠨ ᠭᠣᠸᠯ ᠠᠶᠢᠮᠠᠭ ᠤᠨ ᠵᠡᠭᠦᠨ ᠦᠵᠦᠮᠦᠴᠢᠨ ᠬᠣᠰᠢᠭᠤ ︵ ᠨᠢᠭᠡ ︶
ᠵᠡᠭᠦᠨ ᠦᠵᠦᠮᠦᠴᠢᠨ ᠬᠣᠰᠢᠭᠤ ᠪᠣᠯ ᠰᠢᠯᠢ ᠶᠢᠨ ᠭᠣᠸᠯ ᠠᠶᠢᠮᠠᠭ ᠤᠨ ᠵᠡᠭᠦᠨ ᠬᠣᠶᠢᠲᠤ ᠬᠡᠰᠡᠭ ᠲᠦ ᠪᠠᠶᠢᠷᠢᠯᠠᠵᠤ ᠂ ᠵᠡᠭᠦᠨᠰᠢ ᠪᠡᠨ ᠲᠦᠩᠯᠢᠶᠣᠤ ᠬᠣᠲᠠ ᠶᠢᠨ ᠬᠣᠸᠯᠢᠨ ᠭᠣᠸᠯ ᠬᠣᠲᠠ ᠂ ᠵᠠᠷᠤᠳ ᠬᠣᠰᠢᠭᠤ ᠪᠠ ᠬᠢᠩᠭᠠᠨ ᠠᠶᠢᠮᠠᠭ ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠂ ᠡᠮᠦᠨᠡᠰᠢ ᠪᠡᠨ ᠪᠠᠷᠠᠭᠤᠨ ᠦᠵᠦᠮᠦᠴᠢᠨ ᠬᠣᠰᠢᠭᠤ ᠂ ᠪᠠᠷᠠᠭᠤᠨᠰᠢ ᠪᠠᠨ ᠂ ᠠᠪᠠᠭ᠎ᠠ ᠬᠣᠰᠢᠭᠤ ᠲᠠᠶ ᠵᠠᠯᠭᠠᠯᠳᠤᠵᠤ ᠂ ᠤᠮᠠᠷᠠᠰᠢ ᠪᠠᠨ ᠮᠣᠩᠭᠣᠯ ᠤᠯᠤᠰ ᠲᠠᠶ ᠂ ᠬᠢᠯᠢ ᠶᠢᠨ ᠱᠤᠭᠤᠮ ᠤᠨ ᠣᠷᠳᠣ ᠨᠢ 528.88 ᠺᠢᠯᠣᠮᠧᠲ᠋ᠷ ᠪᠠᠶᠢᠳᠠᠭ ᠃ ᠬᠣᠰᠢᠭᠤᠨ ᠤ ᠵᠡᠭᠦᠨ ᠠᠴᠠ ᠪᠠᠷᠠᠭᠤᠨᠰᠢ ᠣᠷᠳᠣ ᠨᠢ ᠪᠠᠷᠤᠭ 350 ᠺᠢᠯᠣᠮᠧᠲ᠋ᠷ ᠂ ᠡᠮᠦᠨ᠎ᠡ ᠠᠴᠠ ᠤᠮᠠᠷᠠᠰᠢ ᠥᠷᠭᠡᠨ ᠨᠢ ᠪᠠᠷᠤᠭ 150 ᠺᠢᠯᠣᠮᠧᠲ᠋ᠷ ᠂ ᠶᠡᠷᠦᠩᠬᠡᠶ ᠲᠠᠯᠠᠪᠠᠶ ᠨᠢ 47306 ᠲᠡᠭᠰᠢ ᠳᠥᠷᠪᠡᠯᠵᠢᠨ ᠺᠢᠯᠣᠮᠧᠲ᠋ᠷ ᠪᠠᠶᠢᠵᠤ ᠂ ᠠᠶᠢᠮᠠᠭ ᠤᠨ ᠳᠣᠲᠣᠷᠠᠬᠢ ᠲᠠᠯᠠᠪᠠᠶ ᠪᠠᠷ ᠬᠠᠮᠤᠭ ᠤᠨ ᠶᠡᠬᠡ ᠬᠣᠰᠢᠭᠤ ᠪᠠᠶᠢᠵᠤ ᠂ ᠰᠢᠯᠢ ᠶᠢᠨ ᠭᠣᠸᠯ ᠤᠨ ᠲᠠᠯ᠎ᠠ ᠨᠤᠲᠤᠭ ᠤᠨ ᠭᠣᠸᠯ ᠣᠷᠣᠨ ᠪᠣᠯᠤᠨ᠎ᠠ ᠃ ᠬᠤᠰᠢᠭᠤᠨ ᠤ ᠬᠡᠪᠴᠢᠶᠡᠨ ᠳᠦ ᠣᠯᠠᠨ ᠤᠯᠤᠰ ᠤᠨ ᠴᠢᠨᠠᠷᠲᠠᠶ ᠵᠢᠯ ᠲᠤᠷᠰᠢ ᠨᠡᠭᠡᠭᠡᠯᠲᠡᠲᠡᠶ ᠬᠠᠭᠤᠷᠠᠶ ᠵᠠᠮ ᠤᠨ ᠪᠣᠭᠣᠮᠲᠠ ︱ ᠵᠡᠭᠦᠨ ᠬᠠᠲᠠᠪᠴᠢ ᠪᠣᠭᠣᠮᠲᠠ ᠃
ᠬᠤᠰᠢᠭᠤᠨ ᠤ ᠬᠡᠪᠴᠢᠶᠡᠨ ᠳᠡᠬᠢ ᠪᠣᠭᠳᠠ ᠠᠭᠤᠯᠠ ᠪᠣᠯ ᠤᠯᠠᠭᠠᠶ ᠭᠣᠣᠯ ( ᠪᠦᠬᠦ ᠤᠯᠤᠰ ᠤᠨ ᠬᠣᠶᠠᠳᠤᠭᠠᠷ ᠶᠡᠬᠡ ᠳᠣᠲᠣᠭᠠᠳᠤ ᠬᠠᠭᠤᠷᠠᠶ ᠶᠢᠨ ᠭᠣᠣᠯ )᠂ ᠰᠸᠶᠡᠯᠵᠢ ᠭᠣᠣᠯ ᠂ ᠭᠣᠣᠯ ᠤᠨ ᠭᠠᠵᠠᠷ ᠪᠠᠶᠢᠵᠤ ᠂ ᠨᠠᠭᠤᠷ ᠮᠠᠰᠢ ᠣᠯᠠᠨ ᠪᠠᠶᠢᠳᠠᠭ᠃ ᠤᠮᠠᠷᠠᠲᠤ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠬᠠᠷᠢᠶᠠᠯᠠᠭᠳᠠᠵᠤ ᠂ ᠬᠠᠬᠢᠷ ᠬᠦᠢᠲᠡᠨ ᠂ ᠰᠠᠯᠬᠢ ᠶᠡᠬᠡ ᠂ ᠭᠠᠩ ᠬᠠᠭᠤᠷᠠᠶ ᠂ ᠪᠦᠬᠦ ᠵᠢᠯ ᠦᠨ ᠳᠤᠮᠳᠠᠴᠢ ᠠᠭᠠᠷ ᠤᠨ ᠳᠤᠯᠠᠭᠠᠨ ᠨᠢ 0.7℃ ᠂ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ - 40.7℃ ᠪᠠᠶᠢᠳᠠᠭ ᠃ ᠴᠠᠰᠤ ᠣᠷᠣᠬᠤ ᠬᠤᠭᠤᠴᠠᠭ᠎ᠠ ᠨᠢ ᠳᠤᠮᠳᠠᠴᠢ ᠪᠠᠷ 10 ᠰᠠᠷ᠎ᠠ ᠶᠢᠨ ᠡᠬᠢᠨ ᠡᠴᠡ ᠳᠠᠷᠠᠭ᠎ᠠ ᠵᠢᠯ ᠦᠨ 4 ᠰᠠᠷ᠎ᠠ ᠶᠢᠨ ᠰᠡᠭᠦᠯᠴᠢ ᠪᠣᠯᠲᠠᠯ᠎ᠠ ᠂ ᠳᠤᠮᠳᠠᠴᠢ ᠴᠠᠰᠤ ᠬᠡᠮᠵᠢᠶ᠎ᠡ ᠨᠢ 7.5 ~ 9 ᠮᠢᠯᠢᠮᠧᠲ᠋ᠷ ᠂ ᠵᠣᠨ ᠤ ᠤᠯᠠᠷᠢᠯ ᠤᠨ ᠬᠠᠮᠤᠭ ᠤᠨ ᠥᠨᠳᠥᠷ ᠠᠭᠠᠷ ᠤᠨ ᠳᠤᠯᠠᠭᠠᠨ ᠨᠢ 39.7 ᠭᠷᠠᠳᠦ᠋ᠰ ᠂ ᠳᠤᠮᠳᠠᠴᠢ ᠬᠤᠷ᠎ᠠ ᠲᠤᠨᠳᠠᠰᠤᠨ ᠤ ᠬᠡᠮᠵᠢᠶ᠎ᠡ ᠨᠢ 254.3 ᠮᠢᠯᠢᠮᠧᠲ᠋ᠷ ᠂ ᠬᠢᠷᠠᠭᠤ ᠥᠬᠡᠶ ᠬᠤᠭᠤᠴᠠᠭ᠎ᠠ ᠨᠢ 123 ᠡᠳᠦᠷ ᠂ ᠵᠢᠯ ᠦᠨ ᠳᠤᠮᠳᠠᠴᠢ ᠨᠡᠷᠡᠨ ᠦ ᠲᠤᠰᠤᠯᠲᠠ ᠨᠢ 2975 ᠴᠠᠭ ᠪᠠᠶᠢᠵᠤ ᠂ ᠪᠥᠬᠥ ᠬᠣᠰᠢᠭᠤᠨ ᠤ ᠵᠢᠯ ᠦᠨ ᠳᠤᠮᠳᠠᠴᠢ ᠰᠠᠯᠬᠢᠨ ᠤ ᠬᠤᠷᠳᠤᠴᠠ ᠨᠢ ᠰᠧᠺᠦ᠋ᠨ᠋ᠳ᠋ ᠪᠦᠷᠢ 4.1 ᠮᠧᠲ᠋ᠷ ᠪᠠᠶᠢᠵᠤ ᠂ ᠪᠠᠷᠠᠭᠤᠨ ᠡᠮᠦᠨ᠎ᠡ ᠡᠴᠡ ᠰᠠᠯᠬᠢᠯᠠᠬᠤ ᠨᠢ ᠢᠯᠡᠭᠦᠸ ᠪᠠᠶᠢᠳᠠᠭ ᠃
ᠪᠥᠬᠥ ᠬᠣᠰᠢᠭᠤᠨ ᠤ ᠪᠠᠢᠭᠠᠯᠢᠯᠢᠭ ᠲᠠᠯ᠎ᠠ ᠨᠤᠲᠤᠭ ᠤᠨ ᠶᠡᠷᠦᠩᠬᠡᠶ ᠲᠠᠯᠠᠪᠠᠶ ᠨᠢ 6917 ᠲᠦᠮᠡᠨ ᠮᠥ ᠪᠣᠢ ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠨᠡᠯᠢᠶᠡᠳ ᠰᠠᠶᠢᠨ ᠨᠥᠬᠥᠴᠡᠯ ᠲᠡᠶ ᠪᠠᠶᠢᠵᠤ ᠂ ᠣᠳᠣ ᠨᠢᠭᠡᠨᠲᠡ 3 ᠥᠩᠭᠡᠲᠦ ᠲᠡᠮᠦᠷᠯᠢᠭ ᠦᠨ ᠬᠦᠳᠡᠷ ᠪᠣᠯᠬᠤ ᠪᠦᠰᠡ ᠶᠢ ᠬᠠᠶᠢᠨ ᠳᠣᠲᠣᠯᠠᠭᠰᠠᠨ ᠪᠠᠶᠢᠨ᠎ᠠ ᠃ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠪᠠᠰᠠ ᠡᠯᠪᠡᠭ ᠪᠠᠶᠠᠯᠢᠭ ᠪᠠᠶᠢᠳᠠᠭ ᠃ ᠡᠭᠦᠨ ᠦ ᠳᠣᠲᠣᠷ᠎ᠠ ᠬᠡᠭᠡᠷ᠎ᠡ ᠶᠢᠨ ᠤᠷᠭᠤᠮᠠᠯ 248 ᠵᠦᠢᠯ ᠂ ᠠᠷᠢᠶᠠᠲᠠᠨ ᠵᠢᠭᠦᠷᠲᠡᠨ ᠦ ᠲᠥᠷᠥᠯ ᠦᠨ ᠠᠮᠢᠲᠠᠨ 100 ᠭᠠᠷᠤᠶ ᠪᠣᠢ ᠃
ᠬᠣᠰᠢᠭᠤᠨ ᠤ ᠳᠣᠲᠣᠷ᠎ᠠ ᠥᠪᠥᠷ ᠮᠣᠩᠭᠣᠯ ᠤᠨ ᠭᠤᠷᠪᠠᠨ ᠶᠡᠬᠡ ᠳᠠᠪᠤᠰᠤᠨ ᠨᠠᠭᠤᠷ ᠤᠨ ᠨᠢᠭᠡ ᠪᠣᠯᠬᠤ ᠡᠵᠢ ᠨᠠᠭᠤᠷ ᠤᠨ ᠳᠠᠪᠤᠰᠤᠨ ᠨᠠᠭᠤᠷ ᠂ ᠳᠠᠪᠤᠰᠤᠨ ᠨᠠᠭᠤᠷ ᠤᠨ ᠲᠠᠯᠠᠪᠠᠶ ᠨᠢ 25 ᠲᠡᠭᠰᠢ ᠳᠥᠷᠪᠡᠯᠵᠢᠨ ᠺᠢᠯᠣᠮᠧᠲ᠋ᠷ ᠂ ᠳᠠᠪᠤᠰᠤᠨ ᠠᠭᠤᠷᠬᠠᠶ ᠶᠢᠨ ᠲᠠᠷᠬᠠᠯᠲᠠ ᠶᠢᠨ ᠲᠠᠯᠠᠪᠠᠶ ᠨᠢ 20.19 ᠲᠡᠭᠰᠢ ᠳᠥᠷᠪᠡᠯᠵᠢᠨ ᠺᠢᠯᠣᠮᠧᠲ᠋ᠷ ᠂ ᠳᠠᠪᠤᠰᠤᠨ ᠤ ᠬᠠᠳᠠᠭᠠᠯᠠᠭᠳᠠᠴᠠ ᠨᠢ 2430 ᠭᠠᠷᠤᠶ ᠲᠦᠮᠡᠨ ᠲᠣᠨ ᠪᠠᠶᠢᠵᠤ ᠂ ᠵᠢᠯ ᠦᠨ ᠮᠠᠯᠲᠠᠯᠲᠠ ᠶᠢᠨ ᠬᠡᠮᠵᠢᠶ᠎ᠡ ᠨᠢ 15 ᠲᠦᠮᠡᠨ ᠲᠣᠨ ᠪᠣᠯᠤᠨ᠎ᠠ ᠃ ᠪᠣᠭᠳᠠ ᠠᠭᠤᠯᠠ ᠶᠢᠨ ᠤᠯᠤᠰ ᠤᠨ ᠣᠶ ᠰᠢᠭᠤᠶ ᠶᠢᠨ ᠲᠠᠯᠠᠪᠠᠶ ᠶᠢᠨ ᠮᠣᠳᠣᠨ ᠮᠠᠲ᠋ᠧᠷᠢᠶᠠᠯ ᠤᠨ ᠬᠠᠳᠠᠭᠠᠯᠠᠭᠳᠠᠴᠠ ᠨᠢ 128.48 ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠦ ᠬᠦᠷᠴᠡᠶ ᠃