ᠵᠤᠬᠢᠶᠠᠭᠴᠢ:
ᠴᠠᠭ:2023-01-13
ᠥᠵᠡᠭᠰᠡᠨ : ℃
ᠢᠷᠡᠯᠲᠡ:
ᠰᠢᠯᠢ ᠶᠢᠨ ᠭᠣᠸᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠣᠰᠢᠭᠤ ︵ ᠭᠤᠷᠪᠠ ︶
1945 ᠣᠨ ᠤ 8 ᠰᠠᠷ᠎ᠠ ᠳᠤ ᠂ ᠶᠠᠫᠣᠨ ᠢ ᠡᠰᠡᠷᠭᠦᠴᠡᠬᠦ ᠳᠠᠶᠢᠨ ᠢᠯᠠᠯᠲᠠ ᠣᠯᠵᠤ ᠂ ᠴᠠᠬᠠᠷ ᠤᠨ ᠵᠡᠭᠦᠨ ᠭᠦᠯᠦ ᠴᠠᠭᠠᠨ ᠂ ᠴᠠᠬᠠᠷ ᠤᠨ ᠵᠡᠭᠦᠨ ᠬᠥᠪᠡᠭᠡᠲᠦ ᠴᠠᠭᠠᠨ ᠴᠢᠯᠥᠭᠡᠯᠡᠭᠳᠡᠪᠡ᠃ 11 ᠰᠠᠷ᠎ᠠ ᠠᠴᠠ ᠬᠣᠶᠢᠰᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠦ ᠬᠣᠯᠪᠣᠭᠠᠲᠤ ᠬᠤᠷᠠᠯ ᠤᠨ ᠤᠳᠤᠷᠢᠳᠤᠯᠭ᠎ᠠ ᠶᠢᠨ ᠳᠣᠣᠷ᠎ᠠ᠂ ᠥᠪᠡᠷᠲᠡᠭᠡᠨ ᠵᠠᠰᠠᠬᠤ ᠬᠥᠳᠡᠯᠭᠡᠭᠡᠨ ᠢ ᠥᠷᠨᠢᠭᠦᠯᠪᠡ᠃ 1946 ᠣᠨ ᠤ ᠬᠠᠪᠤᠷ᠂ ᠭᠦᠯᠦ ᠴᠠᠭᠠᠨ ᠬᠣᠰᠢᠭᠤ᠂ ᠬᠥᠪᠡᠭᠡᠲᠦ ᠴᠠᠭᠠᠨ ᠬᠣᠰᠢᠭᠤᠨ ᠤ ᠰᠠᠯᠪᠤᠷᠢ ᠡᠪᠯᠡᠯ ᠢ ᠪᠠᠶᠢᠭᠤᠯᠪᠠ᠃ ᠡᠭᠦᠨ ᠦ ᠬᠠᠮᠲᠤ ᠴᠠᠬᠠᠷ ᠤᠨ ᠵᠡᠭᠦᠨ ᠭᠦᠯᠦ ᠴᠠᠭᠠᠨ ᠬᠣᠰᠢᠭᠤᠨ ᠤ ᠠᠷᠠᠳᠴᠢᠯᠠᠭᠰᠠᠨ ᠵᠠᠰᠠᠭ ᠤᠨ ᠣᠷᠳᠣᠨ ᠪᠠᠶᠢᠭᠤᠯᠤᠭᠳᠠᠵᠤ ᠂ ᠪᠦᠷᠢᠳᠦ ᠶᠢᠨ ᠰᠦᠮ᠎ᠡ(ᠣᠳᠣ ᠶᠢᠨ ᠪᠦᠷᠢᠳᠦ ᠰᠤᠮᠤ ) ᠳᠤ ᠨᠡᠭᠦᠨ ᠰᠠᠭᠤᠵᠠᠶ ᠴᠠᠬᠠᠷ ᠤᠨ ᠵᠡᠭᠦᠨ ᠬᠥᠪᠡᠭᠡᠲᠦ ᠴᠠᠭᠠᠨ ᠬᠣᠰᠢᠭᠤᠨ ᠤ ᠠᠷᠠᠳᠴᠢᠯᠠᠭᠰᠠᠨ ᠵᠠᠰᠠᠭ ᠤᠨ ᠣᠷᠳᠣᠨ ᠪᠠᠶᠢᠭᠤᠯᠤᠭᠳᠠᠵᠤ ᠂ ᠶᠠᠮᠤᠨ ᠨᠠᠭᠤᠷ ( ᠣᠳᠣ ᠶᠢᠨ ᠶᠡᠬᠡ ᠨᠠᠭᠤᠷ ᠰᠤᠮᠤᠨ ᠤ ᠨᠠᠭᠤᠷ ᠭᠠᠴᠠᠭ᠎ᠠ ) ᠳᠤ ᠰᠠᠭᠤᠵᠠᠶ ᠃ ᠬᠣᠶᠠᠷ ᠬᠣᠰᠢᠭᠤᠨ ᠤ ᠠᠷᠠᠳᠴᠢᠯᠠᠭᠰᠠᠨ ᠵᠠᠰᠠᠭ ᠤᠨ ᠣᠷᠳᠣᠨ ᠴᠠᠬᠠᠷ ᠮᠤᠵᠢ ᠶᠢᠨ ᠴᠠᠬᠠᠷ ᠠᠶᠢᠮᠠᠭ ᠤᠨ ᠠᠷᠠᠳᠴᠢᠯᠠᠭᠰᠠᠨ ᠵᠠᠰᠠᠭ ᠤᠨ ᠣᠷᠳᠣᠨ ᠳᠤ ᠃ 1947 ᠣᠨ ᠤ 5 ᠰᠠᠷ᠎ᠠ ᠳᠤ᠂ ᠴᠠᠬᠠᠷ ᠵᠡᠭᠦᠨ ᠭᠠᠷᠤᠨ ᠭᠦᠯᠦ ᠴᠠᠭᠠᠨ ᠬᠣᠰᠢᠭᠤ᠂ ᠬᠥᠪᠡᠭᠡᠲᠦ ᠴᠠᠭᠠᠨ ᠬᠣᠰᠢᠭᠤ ᠨᠢ ᠴᠠᠬᠠᠷ ᠠᠶᠢᠮᠠᠭ ᠤᠨ ᠠᠷᠠᠳᠴᠢᠯᠠᠭᠰᠠᠨ ᠵᠠᠰᠠᠭ ᠤᠨ ᠣᠷᠳᠣᠨ ᠢ ᠳᠠᠭᠠᠵᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠬᠠᠷᠢᠶᠠᠯᠠᠭᠳᠠᠪᠠ᠃ 1948 ᠣᠨ ᠤ 11 ᠰᠠᠷ᠎ᠠ ᠳᠤ᠂ ᠴᠠᠬᠠᠷ ᠵᠡᠭᠦᠨ ᠭᠠᠷᠤᠨ ᠭᠦᠯᠦ ᠴᠠᠭᠠᠨ ᠬᠣᠰᠢᠭᠤ᠂ ᠬᠥᠪᠡᠭᠡᠲᠦ ᠴᠠᠭᠠᠨ ᠬᠣᠰᠢᠭᠤ ᠶᠢ ᠨᠡᠶᠢᠯᠡᠭᠦᠯᠵᠦ᠂ ᠭᠦᠯᠦ ᠴᠠᠭᠠᠨ ᠬᠥᠪᠡᠭᠡᠲᠦ ᠴᠠᠭᠠᠨ ᠬᠣᠯᠪᠣᠭᠠᠲᠤ ᠬᠣᠰᠢᠭᠤ ᠶᠢ ᠪᠠᠶᠢᠭᠤᠯᠵᠤ᠂ ᠶᠢᠨ ᠰᠦᠮ᠎ᠡ ᠳᠦ ᠰᠠᠭᠤᠯᠭᠠᠵᠤ᠂ ᠴᠠᠬᠠᠷ ᠠᠶᠢᠮᠠᠭ ᠲᠤ ᠬᠠᠷᠢᠶᠠᠯᠠᠭᠤᠯᠪᠠ᠃
1956 ᠣᠨ ᠤ 9 ᠰᠠᠷ᠎ᠠ ᠶᠢᠨ 11 ᠦ ᠡᠳᠦᠷ ᠂ ᠲᠥᠷᠥ ᠶᠢᠨ ᠶᠠᠪᠤᠳᠠᠯ ᠤᠨ ᠬᠣᠷᠢᠶ᠎ᠠ ᠪᠠᠷ ᠵᠦᠪᠰᠢᠶᠡᠷᠡᠭᠥᠯᠥᠭᠡᠳ ᠭᠦᠯᠦ ᠴᠠᠭᠠᠨ ᠬᠥᠪᠡᠭᠡᠲᠦ ᠴᠠᠭᠠᠨ ᠬᠣᠯᠪᠣᠭᠠᠲᠤ ᠬᠣᠰᠢᠭᠤ ᠶᠢ ᠰᠢᠯᠤᠭᠤᠨ ᠬᠥᠪᠡᠭᠡᠲᠦ ᠴᠠᠭᠠᠨ ᠬᠣᠰᠢᠭᠤ ᠭᠡᠵᠦ ᠬᠠᠯᠠᠪᠠ ᠃ ᠡᠭᠦᠨ ᠦ ᠬᠠᠮᠲᠤ ᠂ ᠤᠸᠯ ᠤᠨ ᠪᠠᠷᠠᠭᠤᠨ ᠬᠣᠯᠪᠣᠭᠠᠲᠤ ᠬᠣᠰᠢᠭᠤᠨ ᠤ ᠰᠤᠮᠤ ᠂ ᠤᠸᠯ ᠤᠨ ᠪᠤᠤᠴᠠᠩ ᠰᠢᠶᠠᠨ ᠤ ᠰᠢᠩ ᠶᠣᠣ ᠣᠷᠣᠨ ᠂ ᠰᠢᠯᠤᠭᠤᠨ ᠬᠥᠬᠡ ᠬᠣᠰᠢᠭᠤᠨ ᠤ ᠰᠤᠮᠤ ᠶᠢᠨ ᠪᠠᠷᠠᠭᠤᠨ ᠬᠡᠰᠡᠭ ᠦᠨ ᠭᠠᠵᠠᠷ ᠣᠷᠣᠨ ᠢ ᠰᠢᠯᠤᠭᠤᠨ ᠬᠥᠪᠡᠭᠡᠲᠦ ᠴᠠᠭᠠᠨ ᠬᠣᠰᠢᠭᠤᠨ ᠳᠤ ᠬᠠᠷᠢᠶᠠᠯᠠᠭᠤᠯᠪᠠ ᠃ ᠰᠢᠯᠤᠭᠤᠨ ᠬᠥᠪᠡᠭᠡᠲᠦ ᠴᠠᠭᠠᠨ ᠬᠣᠰᠢᠭᠤᠨ ᠤ ᠠᠷᠠᠳ ᠤᠨ ᠵᠥᠪᠯᠡᠯ ᠨᠢ ᠪᠦᠷᠢᠳᠦ ᠶᠢᠨ ᠰᠦᠮ᠎ᠡ ᠡᠴᠡ ᠴᠠᠭᠠᠨ ᠨᠠᠭᠤᠷ︵ᠣᠲᠣ ᠶᠢᠨ ᠴᠠᠭᠠᠨ ᠨᠠᠭᠤᠷ ᠪᠠᠯᠭᠠᠰᠤ︶ᠲᠤ ᠨᠡᠭᠦᠵᠦ ᠰᠠᠭᠤᠵᠠᠶ ᠃ ᠡᠭᠦᠨ ᠦ ᠬᠠᠮᠲᠤ ᠰᠢᠯᠤᠭᠤᠨ ᠬᠥᠪᠡᠭᠡᠲᠦ ᠴᠠᠭᠠᠨ ᠬᠣᠰᠢᠭᠤᠨ ᠤ ᠰᠤᠮᠤ ᠶᠢᠨ ᠪᠠᠷᠠᠭᠤᠨ ᠬᠡᠰᠡᠭ ᠂ ᠰᠤᠮᠤ ᠶᠢᠨ ᠪᠠᠷᠠᠭᠤᠨ ᠬᠡᠰᠡᠭ ᠦᠨ ᠭᠠᠵᠠᠷ ᠣᠷᠣᠨ ᠢ ᠱᠠᠩᠳᠤ ᠬᠥᠪᠡᠭᠡᠲᠦ ᠰᠢᠷ᠎ᠠ ᠬᠣᠰᠢᠭᠤᠨ ᠳᠤ ᠬᠤᠪᠢᠶᠠᠷᠢᠯᠠᠨ ᠃ 1958 ᠣᠨ ᠤ 9 ᠰᠠᠷ᠎ᠠ ᠶᠢᠨ 26 ᠤ ᠡᠳᠦᠷ ᠂ ᠲᠥᠷᠥ ᠶᠢᠨ ᠶᠠᠪᠤᠳᠠᠯ ᠤᠨ ᠬᠣᠷᠢᠶ᠎ᠠ ᠪᠠᠷ ᠵᠦᠪᠰᠢᠶᠡᠷᠡᠭᠥᠯᠥᠭᠡᠳ ᠴᠠᠬᠠᠷ ᠠᠶᠢᠮᠠᠭ ᠤᠨ ᠪᠠᠶᠢᠭᠤᠯᠤᠮᠵᠢ ᠶᠢ ᠬᠠᠰᠤᠭᠰᠠᠨ ᠤ ᠳᠠᠷᠠᠭ᠎ᠠ ᠂ ᠰᠢᠯᠤᠭᠤᠨ ᠬᠥᠪᠡᠭᠡᠲᠦ ᠴᠠᠭᠠᠨ ᠬᠣᠰᠢᠭᠤ ᠶᠢ ᠰᠢᠯᠢ ᠶᠢᠨ ᠭᠣᠸᠯ ᠠᠶᠢᠮᠠᠭ ᠲᠤ ᠬᠠᠷᠢᠶᠠᠯᠠᠭᠤᠯᠪᠠ ᠃ ᠲᠣᠰ ᠵᠢᠯ ᠳᠦ ᠂ ᠪᠥᠬᠥ ᠬᠣᠰᠢᠭᠤᠨ ᠤ ᠬᠢᠨ ᠰᠤᠮᠤ ᠶᠢ ᠥᠭᠡᠷᠡᠴᠢᠯᠡᠨ ᠠᠷᠠᠳ ᠤᠨ ᠨᠢᠭᠡᠳᠦᠯ ᠪᠠᠶᠢᠭᠤᠯᠬᠤ 《 ᠵᠠᠰᠠᠭ ᠨᠢᠭᠡᠳᠦᠯ ᠢ ᠨᠢᠭᠡᠳᠬᠡᠬᠦ 》ᠲᠦᠷᠢᠮ ᠢ ᠬᠡᠷᠡᠭᠵᠢᠭᠦᠯᠪᠡ ᠃
1960 ᠣᠨ ᠠᠴᠠ ᠡᠬᠢᠯᠡᠨ ᠠᠷᠠᠳ ᠤᠨ ᠨᠢᠭᠡᠳᠦᠯ ᠦᠨ ᠬᠡᠪᠴᠢᠶ᠎ᠡ ᠶᠢ ᠲᠣᠬᠢᠷᠠᠭᠤᠯᠵᠤ ᠂ 1981 ᠣᠨ ᠤ 6 ᠰᠠᠷ᠎ᠠ ᠪᠣᠯᠬᠤ ᠳᠤ ᠂ ᠪᠦᠭᠦ ᠬᠣᠰᠢᠭᠤᠨ ᠤ ᠵᠠᠰᠠᠭ ᠵᠠᠬᠢᠷᠭᠠᠨ ᠤ ᠣᠷᠣᠨ ᠢ 12 ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠨᠢᠭᠡᠳᠦᠯ ᠂ 107 ᠦᠢᠯᠡᠳᠪᠦᠷᠢᠯᠡᠯ ᠦᠨ ᠶᠡᠬᠡ ᠪᠠᠷᠢᠭᠠᠳᠠ ᠂ 1 ᠴᠸᠩᠭᠤᠸᠠᠨ ᠠᠷᠠᠳ ᠤᠨ ᠨᠢᠭᠡᠳᠦᠯ︵4 ᠰᠠᠭᠤᠭᠠᠯᠢ ᠠᠷᠠᠳ ᠤᠨ ᠵᠥᠪᠯᠡᠯ ᠬᠠᠷᠢᠶᠠᠯᠠᠭᠳᠠᠨ᠎ᠠ ︶ᠪᠣᠯᠭᠠᠨ ᠬᠤᠪᠢᠶᠠᠵᠠᠶ ᠃ 1983 ᠣᠨ ᠳᠤ ᠂ ᠬᠣᠰᠢᠭᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭ᠋ᠤ ᠶᠢᠨ ᠬᠣᠷᠢᠶ᠎ᠠ ᠪᠣᠯᠤᠨ ᠠᠷᠠᠳ ᠤᠨ ᠵᠠᠰᠠᠭ ᠤᠨ ᠣᠷᠳᠣᠨ ᠪᠦᠭᠦ ᠬᠣᠰᠢᠭᠤᠨ ᠳᠤ ᠨᠢᠭᠡᠳᠦᠯ ᠢ ᠥᠭᠡᠷᠡᠴᠢᠯᠡᠵᠦ ᠰᠤᠮᠤ ᠰᠢᠶᠠᠩ ᠪᠠᠯᠭᠠᠰᠤ ᠪᠣᠯᠭᠠᠨ ᠪᠠᠶᠢᠭᠤᠯᠬᠤ ᠠᠵᠢᠯ ᠢ ᠬᠢᠵᠦ ᠂ ᠤᠤᠯ ᠤᠨ ᠠᠷᠠᠳ ᠤᠨ ᠨᠢᠭᠡᠳᠦᠯ ᠦᠨ ᠬᠤᠪᠢᠶᠠᠷᠢᠯᠠᠯ ᠤᠨ ᠰᠠᠭᠤᠷᠢᠨ ᠳᠡᠭᠡᠷ᠎ᠡ ᠰᠤᠮᠤ ᠂ ᠰᠢᠶᠠᠩ ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠪᠣᠯᠤᠨ ᠠᠷᠠᠳ ᠤᠨ ᠵᠠᠰᠠᠭ ᠤᠨ ᠣᠷᠳᠣᠨ ᠢ ᠳᠤᠰ ᠳᠤᠰ ᠪᠠᠶᠢᠭᠤᠯᠵᠤ ᠂ ᠭᠠᠴᠠᠭ᠎ᠠ ᠪᠠᠭ ᠂ ᠲᠣᠰᠬᠣᠨ ᠤ ᠠᠷᠠᠳ ᠤᠨ ᠵᠥᠪᠯᠡᠯ ᠪᠣᠯᠤᠨ ᠰᠠᠭᠤᠭᠠᠯᠢ ᠠᠷᠠᠳ ᠤᠨ ᠵᠥᠪᠯᠡᠯ ᠦᠨ ᠤᠯᠠᠨ ᠲᠦᠮᠡᠨ ᠦ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠠᠶ ᠃ ᠡᠭᠦᠨ ᠦ ᠬᠠᠮᠲᠤ ᠪᠠᠯᠭᠠᠰᠤ ᠂ ᠰᠤᠮᠤ ᠂ ᠰᠢᠶᠠᠩ ᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠶᠢᠨ ᠭᠠᠵᠠᠷ ᠤᠨ ᠨᠡᠷ᠎ᠡ ᠶᠢ ᠃
1998 ᠣᠨ ᠳᠤ ᠰᠢᠯᠤᠭᠤᠨ ᠬᠥᠪᠡᠭᠡᠲᠦ ᠴᠠᠭᠠᠨ ᠬᠣᠰᠢᠭᠤᠨ ᠳᠤ 9 ᠰᠤᠮᠤ ᠂ 3 ᠰᠢᠶᠠᠩ ᠂ 1 ᠴᠸᠩᠭᠤᠸᠠᠨ ᠪᠠᠯᠭᠠᠰᠤ ᠂ 122 ᠵᠠᠰᠠᠭ ᠵᠠᠬᠢᠷᠭᠠᠨ ᠤ ᠭᠠᠴᠠᠭ᠎ᠠ ᠲᠣᠰᠬᠣᠨ ᠂ 5 ᠮᠠᠯᠵᠢᠯ ᠣᠶ ᠰᠢᠭᠤᠶ ᠶᠢᠨ ᠲᠠᠯᠠᠪᠠᠶ︵ᠥᠷᠲᠡᠭᠡ︶ ᠃
2001 ᠣᠨ ᠳᠤ᠂ ᠰᠢᠶᠠᠩ ᠪᠠᠯᠭᠠᠰᠤᠨ ᠤ ᠪᠠᠶᠢᠭᠤᠯᠤᠮᠵᠢ ᠶᠢ ᠥᠭᠡᠷᠡᠴᠢᠯᠡᠭᠰᠡᠨ ᠦ ᠳᠠᠷᠠᠭ᠎ᠠ 5 ᠰᠤᠮᠤ᠂ 1 ᠰᠢᠶᠠᠩ᠂ 2 ᠪᠠᠯᠭᠠᠰᠤ᠂ 1 ᠲᠠᠯᠠᠪᠠᠢ ᠃
2005 ᠣᠨ ᠳᠤ ᠂ ᠪᠦᠭᠦ ᠬᠣᠰᠢᠭᠤ ᠪᠠᠷ ᠢᠶᠠᠨ ᠰᠤᠮᠤ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠡᠷ ᠳᠠᠮᠵᠢᠭᠤᠯᠤᠨ ᠂ ᠤᠤᠯ ᠤᠨ 5 ᠰᠤᠮᠤ ᠂ 1 ᠰᠢᠶᠠᠩ ᠂ 2 ᠪᠠᠯᠭᠠᠰᠤ ᠶᠢ ᠨᠡᠶᠢᠯᠡᠭᠦᠯᠦᠭᠡᠳ 2 ᠰᠤᠮᠤ ᠂ 2 ᠪᠠᠯᠭᠠᠰᠤ ᠪᠣᠯᠭᠠᠪᠠ ᠃
2006 ᠣᠨ ᠳᠤ 3 ᠰᠤᠮᠤ ᠂ 2 ᠪᠠᠯᠭᠠᠰᠤ ᠃
2019 ᠣᠨ ᠪᠣᠯᠲᠠᠯ᠎ᠠ ᠂ ᠰᠢᠯᠤᠭᠤᠨ ᠬᠥᠪᠡᠭᠡᠲᠦ ᠴᠠᠭᠠᠨ ᠬᠣᠰᠢᠭᠤᠨ ᠳᠤ 3 ᠰᠤᠮᠤ ᠂ 2 ᠪᠠᠯᠭᠠᠰᠤ ᠂ 78 ᠭᠠᠴᠠᠭ᠎ᠠ ᠲᠣᠰᠬᠣᠨ ︵ ᠲᠠᠯᠠᠪᠠᠶ ︶ ᠂ 7 ᠨᠡᠶᠢᠭᠡᠮ ᠲᠣᠭᠣᠷᠢᠭ ᠃