ᠵᠤᠬᠢᠶᠠᠭᠴᠢ:
ᠴᠠᠭ:2023-07-07
ᠥᠵᠡᠭᠰᠡᠨ : ℃
ᠢᠷᠡᠯᠲᠡ:
ᠥᠪᠥᠷ ᠮᠣᠩᠭᠣᠯ ᠤᠨ ᠪᠠᠶᠢᠭᠠᠯᠢ ᠶᠢᠨ ᠮᠦᠽᠧᠶ
2016 ᠣᠨ ᠤ 6 ᠳ᠋ᠤᠭᠠᠷ ᠰᠠᠷ᠎ᠠ ᠳᠤ ᠪᠡᠯᠡᠳᠬᠡᠨ ᠪᠠᠶᠢᠭᠤᠯᠵᠤ ᠂ 2018 ᠣᠨ ᠤ 10 ᠳ᠋ᠤᠭᠠᠷ ᠰᠠᠷ᠎ᠠ ᠳᠤ ᠪᠠᠶᠢᠭᠤᠯᠵᠤ ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 48759 ᠲᠡᠭᠰᠢ ᠳᠥᠷᠪᠡᠯᠵᠢᠨ ᠮᠧᠲ᠋ᠷ ᠂ ᠲᠠᠪᠤᠨ ᠶᠡᠬᠡ ᠭᠣᠸᠯ ᠰᠡᠳᠦᠪᠲᠦ ᠦᠵᠡᠭᠦᠯᠭᠡ ᠶᠢᠨ ᠲᠢᠩᠬᠢᠮ ᠭᠠᠷᠭᠠᠵᠤ ᠂ ᠳᠡᠯᠭᠡᠨ ᠦᠵᠡᠭᠦᠯᠬᠦ ᠲᠠᠯᠠᠪᠠᠶ ᠨᠢ 21795 ᠲᠡᠭᠰᠢ ᠳᠥᠷᠪᠡᠯᠵᠢᠨ ᠮᠧᠲ᠋ᠷ ᠃

2018 ᠣᠨ ᠤ 11 ᠰᠠᠷ᠎ᠠ ᠶᠢᠨ 10 ᠋ ᠤ ᠡᠳᠦᠷ᠂ ᠥᠪᠥᠷ ᠮᠣᠩᠭᠣᠯ ᠤᠨ ᠪᠠᠶᠢᠭᠠᠯᠢ ᠶᠢᠨ ᠮᠦᠽᠧᠢ ᠫᠠᠶᠢᠰᠠ ᠰᠡᠬᠦᠵᠦ ᠡᠭᠦᠳᠡ ᠪᠡᠨ ᠨᠡᠭᠡᠭᠡᠪᠡ᠃ ᠣᠶᠢᠯᠠᠭᠠᠭᠰᠠᠨ ᠢᠶᠠᠷ ᠂ ᠲᠣᠰ ᠮᠦᠽᠧᠶ ᠨᠢ ᠲᠠᠷᠢᠶᠠᠯᠠᠩ ᠂ ᠣᠶ ᠰᠢᠭᠤᠶ ᠂ ᠮᠠᠯ ᠠᠵᠤ ᠠᠬᠤᠶ ᠂ ᠂ ᠠᠮᠢᠲᠠᠨ ᠤᠷᠭᠤᠮᠠᠯ ᠂ ᠡᠷᠲᠡᠨ ᠦ ᠠᠮᠢᠳᠤ ᠪᠣᠳᠠᠰ ᠂ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠵᠡᠷᠭᠡ 13 ᠬᠦᠷᠢᠶ᠎ᠡ ᠶᠢ ᠬᠠᠮᠤᠷᠤᠭᠰᠠᠨ ᠰᠦᠷᠯᠢᠭ ᠰᠠᠶᠢᠬᠠᠨ ᠥᠪᠥᠷ ᠮᠣᠩᠭᠣᠯ ᠂ ᠪᠠᠯᠠᠷ ᠡᠷᠲᠡᠨ ᠦ ᠥᠪᠥᠷ ᠮᠣᠩᠭᠣᠯ ᠂ ᠥᠨᠢᠷ ᠪᠠᠶᠠᠯᠢᠭ ᠥᠪᠥᠷ ᠮᠣᠩᠭᠣᠯ ᠂ ᠪᠣᠬᠢᠷᠲᠤᠯ ᠥᠬᠡᠶ ᠥᠪᠥᠷ ᠮᠣᠩᠭᠣᠯ ᠂ ᠠᠪᠤᠷᠭᠤ ᠭᠦᠷᠪᠡᠯ ᠦᠨ ᠡᠬᠡ ᠨᠤᠲᠤᠭ ᠵᠡᠷᠭᠡ ᠲᠠᠪᠤᠨ ᠲᠣᠮᠣ ᠭᠣᠸᠯ ᠰᠡᠳᠦᠪᠲᠦ ᠦᠵᠡᠭᠦᠯᠭᠡ ᠶᠢᠨ ᠲᠢᠩᠬᠢᠮ ᠲᠡᠶ ᠪᠠᠶᠢᠵᠤ ᠂ ᠬᠡᠷ ᠦᠨ ᠭᠠᠳᠠᠨ᠎ᠠ ᠬᠦᠳᠡᠷ ᠦᠨ ᠴᠡᠴᠡᠷᠯᠢᠭ ᠪᠠᠶᠢᠭᠤᠯᠤᠭᠰᠠᠨ ᠪᠠᠶᠢᠨ᠎ᠠ ᠃ ᠥᠪᠥᠷ ᠮᠣᠩᠭᠣᠯ ᠤᠨ ᠪᠠᠶᠢᠭᠠᠯᠢ ᠶᠢᠨ ᠮᠦᠽᠧᠢ ᠪᠣᠯ ᠥᠪᠡᠷᠲᠡᠭᠡᠨ ᠵᠠᠰᠠᠬᠤ ᠣᠷᠣᠨ ᠤ ᠬᠠᠮᠤᠭ ᠠᠩᠬᠠᠨ ᠤ ᠬᠤᠷᠢᠶᠠᠨ ᠬᠠᠳᠠᠭᠠᠯᠠᠬᠤ᠂ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠰᠤᠷᠭᠠᠨ ᠬᠥᠮᠦᠵᠢᠯ ᠵᠡᠷᠭᠡ ᠶᠢ ᠨᠢᠭᠡ ᠴᠤᠬᠴᠠᠵᠢᠭᠤᠯᠤᠬᠰᠠᠨ ᠪᠠᠶᠢᠭᠠᠯᠢ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠦᠵᠡᠰᠬᠦᠯᠡᠩ ᠦᠨ ᠪᠠᠷᠢᠯᠭ᠎ᠠ ᠪᠣᠯᠤᠨ᠎ᠠ᠃
