ᠵᠤᠬᠢᠶᠠᠭᠴᠢ:
ᠴᠠᠭ:2024-04-12
ᠥᠵᠡᠭᠰᠡᠨ : ℃
ᠢᠷᠡᠯᠲᠡ:
ᠪᠦᠯᠢᠶᠡᠨ ᠪᠤᠯᠠᠭ ᠵᠢᠭᠤᠯᠴᠢᠯᠠᠯ ᠤᠨ ᠦᠵᠡᠮᠵᠢ ᠶᠢᠨ ᠣᠷᠣᠨ
ᠪᠦᠯᠢᠶᠡᠨ ᠪᠤᠯᠠᠭ ᠵᠢᠭᠤᠯᠴᠢᠯᠠᠯ ᠤᠨ ᠦᠵᠡᠮᠵᠢ ᠶᠢᠨ ᠣᠷᠣᠨ ᠰᠢᠯᠢ ᠶᠢᠨ ᠭᠣᠣᠯ ᠠᠶᠢᠮᠠᠭ ᠤᠨ ᠤᠯᠠᠭᠠᠶ ᠬᠠᠮᠢᠶᠠᠷᠤᠯᠲᠠ ᠶᠢᠨ ᠣᠷᠣᠨ ᠤ ᠪᠠᠶᠠᠨᠬᠤᠰᠢᠭᠤ ᠪᠠᠯᠭᠠᠰᠤ ᠠᠴᠠ 11 ᠺᠢᠯᠣᠮᠧᠲ᠋ᠷ ᠵᠠᠶᠢᠲᠠᠶ ᠭᠠᠵᠠᠷ ᠲᠤ 299 ᠲᠦᠮᠡᠨ ᠲᠡᠭᠰᠢ ᠳᠥᠷᠪᠡᠯᠵᠢᠨ ᠮᠧᠲ᠋ᠷ ᠲᠠᠯᠠᠪᠠᠶ ᠲᠠᠶ ᠂ 2011 ᠣᠨ ᠤ 12 ᠰᠠᠷ᠎ᠠ ᠶᠢᠨ 26 ᠤ ᠡᠳᠦᠷ ᠤᠯᠤᠰ ᠤᠨ AAA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠣᠭᠲᠠᠭᠠᠭᠳᠠᠵᠠᠢ ᠃ ᠦᠵᠡᠮᠵᠢ ᠶᠢᠨ ᠣᠷᠣᠨ ᠨᠢ ᠭᠣᠸᠯᠳᠠᠭᠤ ᠲᠠᠯ᠎ᠠ ᠨᠤᠲᠤᠭ ᠤᠨ ᠥᠩᠭᠡ ᠦᠵᠡᠮᠵᠢ ᠪᠠ ᠮᠣᠩᠭᠣᠯ ᠦᠨᠳᠦᠰᠦᠲᠡᠨ ᠦ ᠰᠣᠶᠣᠯ ᠢᠶᠠᠷ ᠭᠣᠸᠯ ᠰᠡᠳᠦᠪ ᠪᠣᠯᠭᠠᠭᠰᠠᠨ ᠪᠠᠶᠢᠳᠠᠭ ᠃
ᠦᠵᠡᠮᠵᠢ ᠶᠢᠨ ᠣᠷᠣᠨ ᠤ ᠳᠣᠲᠣᠷ᠎ᠠ 50 ᠰᠠᠨᠲ᠋ᠢᠮᠧᠲ᠋ᠷ ᠭᠦᠨ ᠪᠤᠯᠠᠭ 8 ᠪᠠᠶᠢᠵᠤ ᠂ ᠡᠳᠦᠷ ᠦᠨ ᠤᠷᠤᠰᠬᠠᠯ ᠤᠨ ᠬᠡᠮᠵᠢᠶ᠎ᠡ ᠨᠢ ᠪᠠᠷᠤᠭ 4000 ᠪᠣᠰᠣᠭ᠎ᠠ ᠳᠥᠷᠪᠡᠯᠵᠢᠨ ᠮᠧᠲ᠋ᠷ ᠪᠠᠶᠢᠵᠤ ᠂ ᠵᠢᠯ ᠲᠤᠷᠰᠢ ᠶᠢᠨ ᠳᠤᠯᠠᠭᠠᠨ ᠤ ᠬᠡᠮᠵᠢᠶ᠎ᠡ ᠨᠢ 5 ᠭᠷᠠᠳᠦ᠋ᠰ ᠪᠠᠶᠢᠵᠤ ᠂ ᠴᠡᠪᠡᠷ ᠪᠠᠶᠢᠭᠠᠯᠢᠯᠢᠭ ᠪᠣᠬᠢᠷᠲᠤᠯ ᠥᠬᠡᠶ ᠴᠢᠨᠠᠷ ᠰᠠᠶᠢᠲᠠᠶ ᠷᠠᠰᠢᠶᠠᠨ ᠪᠣᠯᠬᠤ ᠪᠥᠭᠡᠳ ᠣᠯᠠᠨ ᠵᠦᠶᠯ ᠦᠨ ᠡᠷᠦᠳᠡᠰᠦ ᠡᠯᠪᠡᠭ ᠠᠭᠤᠯᠵᠤ ᠪᠠᠶᠢᠬᠤ ᠪᠠᠷ ᠢᠶᠠᠨ ᠬᠣᠯᠠ ᠣᠶᠢᠷ᠎ᠠ ᠳᠠᠭᠠᠨ ᠃ ᠪᠦᠯᠢᠶᠡᠨ ᠪᠤᠯᠠᠭ ᠡᠴᠡ 1.5 ᠺᠢᠯᠣᠮᠧᠲ᠋ᠷ ᠵᠠᠶᠢᠲᠠᠶ ᠭᠠᠵᠠᠷ ᠳᠠᠷᠤᠶ ᠥᠨᠢ ᠤᠳᠠᠭᠠᠨ ᠲᠡᠸᠬᠡ ᠲᠡᠶ ᠪᠦᠯᠢᠶᠡᠨ ᠰᠦᠮ᠎ᠡ ᠃ ᠡᠨᠡ ᠰᠦᠮ᠎ᠡ ᠶᠢ ᠨᠡᠶᠢᠲᠡ ᠶᠢᠨ ᠣᠨ ᠲᠣᠭᠠᠯᠠᠯ ᠤᠨ 1672 ᠣᠨ(ᠡᠩᠬᠡ ᠠᠮᠤᠭᠤᠯᠠᠩ ᠤᠨ ᠠᠷᠪᠠᠨ ᠨᠢᠭᠡᠳᠦᠭᠡᠷ ᠣᠨ ) ᠳᠤ ᠡᠬᠢᠯᠡᠨ ᠪᠠᠶᠢᠭᠤᠯᠵᠤ ᠂ ᠰᠦᠮ᠎ᠡ ᠳᠤ ᠯᠠᠮᠠ ᠬᠤᠸᠠᠷᠠᠭ ᠬᠠᠮᠤᠭ ᠤᠨ ᠣᠯᠠᠨ ᠳᠠᠭᠠᠨ 170 ᠭᠠᠷᠤᠶ ᠂ ᠲᠩᠷᠢ ᠲᠡᠳᠬᠦᠭᠴᠢ ᠶᠢᠨ ᠲᠠᠪᠢᠨ ᠲᠠᠪᠤᠳᠤᠭᠠᠷ ᠣᠨ ( ᠨᠡᠶᠢᠲᠡ ᠶᠢᠨ ᠣᠨ ᠲᠣᠭᠠᠯᠠᠯ ᠤᠨ 1790 ᠣᠨ ) ᠳᠤ ᠴᠢᠩ ᠤᠯᠤᠰ ᠤᠨ ᠵᠠᠰᠠᠭ ᠤᠨ ᠣᠷᠳᠣᠨ ᠤ 《ᠪᠣᠭᠳᠠ ᠳᠠᠭᠠᠨ ᠵᠠᠯᠪᠠᠷᠢᠭᠴᠢ ᠰᠦᠮ᠎ᠡ 》 ᠭᠡᠰᠡᠨ ᠠᠯᠲᠠᠨ ᠢᠯᠡᠷᠬᠡᠶᠢᠯᠡᠯ ᠢ ᠣᠯᠤᠭᠰᠠᠨ ᠲᠤᠯᠠ ᠪᠠᠰᠠ 《ᠪᠣᠭᠳᠠ ᠳᠠᠭᠠᠨ ᠵᠠᠯᠪᠠᠷᠢᠭᠴᠢ ᠰᠦᠮ᠎ᠡ》ᠭᠡᠳᠡᠭ ᠃ 2010 ᠣᠨ ᠳᠤ ᠂ ᠪᠦᠯᠢᠶᠡᠨ ᠰᠦᠮ᠎ᠡ ᠶᠢᠨ ᠪᠠᠭᠤᠷᠢ ᠶᠢ ᠬᠠᠮᠠᠭᠠᠯᠠᠬᠤ ᠪᠠᠷ ᠰᠡᠯᠪᠢᠨ ᠵᠠᠰᠠᠵᠠᠶ ᠃