ᠵᠤᠬᠢᠶᠠᠭᠴᠢ:
ᠴᠠᠭ:2024-04-19
ᠥᠵᠡᠭᠰᠡᠨ : ℃
ᠢᠷᠡᠯᠲᠡ: ︽ ︵2000—2010︶︾
ᠨᠠᠷᠢᠨ ᠭᠣᠣᠯ ᠵᠢᠭᠤᠯᠴᠢᠯᠠᠯ ᠤᠨ ᠦᠵᠡᠮᠵᠢ ᠶᠢᠨ ᠣᠷᠣᠨ
ᠨᠠᠷᠢᠨ ᠭᠣᠣᠯ ᠤᠯᠠᠮᠵᠢᠯᠠᠯ ᠶᠠᠷᠢᠶᠠᠨ ᠳᠤ ᠰᠢᠯᠢ ᠶᠢᠨ ᠭᠣᠣᠯ ᠤᠨ ᠡᠭᠡᠴᠢ ᠳᠡᠭᠦᠦ ᠭᠣᠣᠯ ᠲᠠᠯ᠎ᠠ ᠨᠤᠲᠤᠭ ᠤᠨ ᠵᠢᠭᠤᠯᠴᠢᠯᠠᠯ ᠤᠨ ᠨᠡᠷᠡᠳᠦ ᠲᠡᠮᠳᠡᠭ ᠪᠣᠯᠣᠨ᠎ᠠ ᠃ ᠵᠡᠭᠦᠨ ᠦᠵᠦᠮᠦᠴᠢᠨ ᠬᠣᠰᠢᠭᠤᠨ ᠤ ᠮᠠᠨᠳᠤᠬᠤᠪᠤᠯᠠᠭ ᠪᠠᠯᠭᠠᠰᠤᠨ ᠤ ᠮᠠᠨᠳᠤᠪᠤᠯᠠᠭ ᠰᠤᠮᠤ ᠳᠤ ᠪᠠᠶᠢᠷᠢᠯᠠᠵᠤ᠂ ᠵᠡᠭᠦᠨ ᠦᠵᠦᠮᠦᠴᠢᠨ ᠬᠣᠰᠢᠭᠤᠨ ᠤ ᠵᠡᠭᠦᠨ ᠬᠣᠶᠢᠲᠤ ᠬᠡᠰᠡᠭ ᠲᠦ ᠪᠣᠢ ᠃ ᠲᠥᠯᠥᠪᠵᠢᠭᠦᠯᠦᠭᠰᠡᠨ ᠲᠠᠯᠠᠪᠠᠶ ᠨᠢ 43650 ᠮᠥ ᠪᠣᠯᠤᠨ᠎ᠠ ᠃ ᠬᠣᠰᠢᠭᠤᠨ ᠤ ᠲᠥᠪ ᠦᠨ ᠪᠠᠶᠢᠭ᠎ᠠ ᠭᠠᠵᠠᠷ ᠠᠴᠠ 210 ᠺᠢᠯᠣᠮᠧᠲ᠋ᠷ ᠵᠠᠶᠢᠲᠠᠶ ᠂ ᠮᠤᠵᠢ ᠶᠢᠨ 303 ᠳ᠋ᠤᠭᠠᠷ ᠵᠠᠮ ᠪᠠᠯᠭᠠᠰᠤ ᠪᠠᠷ ᠬᠥᠨᠳᠡᠯᠡᠨ ᠨᠡᠪᠲᠡᠷᠡᠳᠡᠭ ᠃ 2009 ᠣᠨ ᠳᠤ ᠂ ᠤᠯᠤᠰ ᠤᠨ AA ᠲᠠᠰ ᠤᠨ ᠦᠵᠡᠮᠵᠢ ᠶᠢᠨ ᠣᠷᠣᠨ ᠢᠶᠠᠷ ᠲᠣᠭᠲᠠᠭᠠᠭᠳᠠᠪᠠ ᠃ ᠬᠣᠶᠢᠲᠤ ᠲᠠᠯ᠎ᠠ ᠪᠠᠷ ᠢᠶᠠᠨ ᠮᠣᠩᠭᠣᠯ ᠤᠯᠤᠰ ᠲᠠᠶ ᠵᠠᠬ᠎ᠠ ᠨᠡᠶᠢᠯᠡᠵᠦ ᠂ ᠵᠡᠭᠦᠨ ᠲᠠᠯ᠎ᠠ ᠪᠠᠷ ᠢᠶᠠᠨ ᠬᠢᠩᠭᠠᠨ ᠠᠶᠢᠮᠠᠭ ᠲᠠᠶ ᠬᠥᠷᠰᠢᠯᠡᠵᠦ ᠂ ᠡᠮᠦᠨ᠎ᠡ ᠲᠠᠯ᠎ᠠ ᠪᠠᠷ ᠢᠶᠠᠨ ᠤᠯᠠᠭᠠᠶ ᠨᠡᠭᠡᠭᠡᠯᠲᠡ ᠶᠢᠨ ᠣᠷᠣᠨ ᠵᠢᠴᠢ ᠲᠦᠩᠯᠢᠶᠣᠤ ᠬᠣᠲᠠ ᠲᠠᠶ ᠵᠠᠯᠭᠠᠯᠳᠤᠵᠤ ᠪᠣᠢ ᠃ ᠨᠠᠷᠢᠨ ᠭᠣᠣᠯ ᠪᠣᠯ ᠥᠪᠥᠷ ᠮᠣᠩᠭᠣᠯ ᠤᠨ ᠬᠠᠮᠤᠭ ᠤᠨ ᠦᠵᠡᠰᠬᠦᠯᠡᠩᠲᠦ ᠰᠠᠶᠢᠬᠠᠨ ᠵᠤᠨ ᠤ ᠤᠯᠠᠷᠢᠯ ᠤᠨ ᠮᠠᠯᠵᠢᠯ ᠤᠨ ᠲᠠᠯᠠᠪᠠᠢ ᠪᠣᠯᠤᠨ᠎ᠠ᠂ ᠷᠣᠮᠠᠨ 《ᠴᠢᠨᠣ᠎ᠠ ᠲᠣᠲ᠋ᠧᠮ》᠋ ᠦᠯᠢᠭᠡᠷ ᠪᠢᠴᠢᠭᠰᠡᠨ ᠡᠭᠦᠰᠦᠯᠲᠡ ᠶᠢᠨ ᠭᠠᠵᠠᠷ ᠪᠠᠶᠢᠵᠤ᠂ ᠤᠯᠠᠮᠵᠢᠯᠠᠯᠲᠤ ᠨᠡᠭᠦᠳᠡᠯ ᠮᠠᠯᠵᠢᠯ ᠤᠨ ᠰᠣᠶᠣᠯ ᠤᠨ ᠤᠯᠠ ᠮᠥᠷ ᠢ ᠬᠠᠳᠠᠭᠠᠯᠠᠭᠰᠠᠭᠠᠷ ᠪᠠᠶᠢᠨ᠎ᠠ᠃ ᠦᠵᠡᠮᠵᠢ ᠶᠢᠨ ᠣᠷᠣᠨ ᠳᠤ 7 ᠦᠵᠡᠮᠵᠢ ᠶᠢᠨ ᠴᠡᠭ ᠲᠡᠶ ᠃