ᠵᠤᠬᠢᠶᠠᠭᠴᠢ:
ᠴᠠᠭ:2024-05-17
ᠥᠵᠡᠭᠰᠡᠨ : ℃
ᠢᠷᠡᠯᠲᠡ: ︽ᠭᠡᠭᠡᠨ ᠭᠣᠣᠯ ᠬᠣᠲᠠ ᠶᠢᠨ ᠣᠶᠢᠯᠠᠯᠭ᠎ᠠ ︵1996 ︱ 2005︶︾
ᠶᠡᠬᠡ ᠰᠠᠮᠠ ᠤᠯᠤᠰ ᠤᠨ ᠤᠢ ᠰᠢᠭᠤᠶ ᠶᠢᠨ ᠴᠡᠴᠡᠷᠯᠢᠭ
ᠶᠡᠬᠡ ᠰᠠᠮᠠ ᠤᠯᠤᠰ ᠤᠨ ᠣᠶ ᠰᠢᠭᠤᠶ ᠶᠢᠨ ᠴᠡᠴᠡᠷᠯᠢᠭ ᠢ 2001 ᠣᠨ ᠳᠤ ᠪᠠᠶᠢᠭᠤᠯᠬᠤ ᠶᠢ ᠤᠯᠤᠰ ᠤᠨ AA ᠲᠠᠰ ᠤᠨ ᠵᠢᠭᠤᠯᠴᠢᠯᠠᠯ ᠤᠨ ᠦᠵᠡᠮᠵᠢ ᠣᠷᠣᠨ ᠪᠣᠯᠤᠨ᠎ᠠ ᠃ ᠶᠡᠬᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠲᠣᠪᠴᠢᠢ᠎ᠠ ᠶᠢᠨ ᠬᠡᠪᠴᠢᠶᠡᠨ ᠳᠦ ᠂ ᠪᠠᠯᠭᠠᠰᠤ ᠶᠢᠨ ᠪᠠᠷᠠᠭᠤᠨ ᠬᠣᠶᠢᠲᠤ ᠲᠠᠯ᠎ᠠ ᠶᠢᠨ 38 ᠤᠨ ᠭᠠᠵᠠᠷ ᠲᠤ ᠪᠠᠶᠢᠷᠢᠯᠠᠵᠦ ᠪᠣᠢ ᠃ ᠭᠡᠭᠡᠨ ᠭᠣᠣᠯ ᠠᠴᠠ ᠬᠦᠷᠬᠦ ᠵᠠᠰᠠᠮᠠᠯ ᠵᠠᠮ ᠨᠡᠪᠲᠡᠷᠡᠨ᠎ᠡ ᠃ ᠭᠡᠭᠡᠨ ᠭᠣᠣᠯ ᠬᠣᠲᠠ ᠶᠢᠨ ᠲᠣᠭᠣᠷᠢᠭ ᠠᠴᠠ 262 ᠺᠢᠯᠣᠮᠧᠲ᠋ᠷ ᠵᠠᠶᠢᠲᠠᠶ ᠃ ᠲᠤᠰ ᠦᠵᠡᠮᠵᠢ ᠶᠢᠨ ᠣᠷᠣᠨ ᠪᠣᠯ ᠵᠤᠭᠠᠴᠠᠬᠤ ᠂ ᠠᠮᠠᠷᠠᠬᠤ ᠂ ᠵᠤᠰᠠᠬᠤ ᠂ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠬᠢᠬᠦ ᠶᠢ ᠨᠢᠭᠡ ᠴᠣᠭᠴᠠ ᠪᠣᠯᠭᠠᠭᠰᠠᠨ ᠠᠭᠤᠯᠠ ᠬᠠᠶᠢᠷᠬᠠᠨ ᠤ ᠬᠡᠯᠪᠡᠷᠢ ᠶᠢᠨ ᠪᠠᠶᠢᠭᠠᠯᠢ ᠶᠢᠨ ᠦᠵᠡᠮᠵᠢ ᠶᠢᠨ ᠣᠷᠣᠨ ᠪᠣᠯᠤᠨ᠎ᠠ ᠃
ᠣᠶ ᠰᠢᠭᠤᠶ ᠶᠢᠨ ᠴᠡᠴᠡᠷᠯᠢᠭ ᠦᠨ ᠶᠡᠷᠦᠩᠬᠡᠶ ᠲᠥᠯᠥᠪᠵᠢᠭᠦᠯᠦᠭᠰᠡᠨ ᠲᠠᠯᠠᠪᠠᠶ ᠨᠢ 15565 ᠾᠧᠺᠲ᠋ᠠᠷ ᠪᠣᠯᠤᠨ᠎ᠠ ᠃ ᠡᠨᠳᠡᠬᠢ ᠨᠢ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ ᠂ ᠶᠡᠬᠡ ᠬᠢᠩᠭᠠᠨ ᠳᠠᠪᠠᠭ᠎ᠠ ᠶᠢᠨ ᠪᠠᠷᠠᠭᠤᠨ ᠬᠣᠶᠢᠲᠤ ᠪᠠᠯ ᠪᠠᠶᠢᠵᠦ ᠂ ᠡᠯᠪᠡᠭ ᠪᠠᠶᠠᠯᠢᠭ ᠠᠮᠢᠲᠠᠨ ᠤᠷᠭᠤᠮᠠᠯ ᠤᠨ ᠡᠬᠢ ᠪᠠᠶᠠᠯᠢᠭ ᠲᠠᠶ ᠶᠤᠮ ᠃ ᠠᠮᠢ ᠠᠬᠤᠶ ᠶᠢᠨ ᠵᠢᠭᠤᠯᠴᠢᠯᠠᠯ ᠤᠨ ᠣᠷᠣᠨ ᠨᠢ ᠣᠶ ᠰᠢᠭᠤᠶ ᠶᠢᠨ ᠴᠡᠴᠡᠷᠯᠢᠭ ᠦᠨ ᠣᠷᠣᠨ ᠤ ᠬᠤᠪᠢᠶᠠᠷᠢᠯᠠᠯ ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠵᠢᠭᠤᠯᠴᠢᠯᠠᠭᠴᠢᠳ ᠤᠨ ᠭᠣᠸᠯ ᠵᠤᠭᠠᠴᠠᠬᠤ ᠭᠠᠵᠠᠷ ᠪᠣᠯᠤᠨ᠎ᠠ ᠃ ᠲᠡᠭᠦᠨ ᠦ ᠡᠬᠢ ᠪᠠᠶᠠᠯᠢᠭ ᠤᠨ ᠣᠨᠴᠠᠯᠢᠭ ᠂ ᠲᠠᠷᠬᠠᠯᠲᠠ ᠶᠢᠨ ᠣᠨᠴᠠᠯᠢᠭ ᠂ ᠪᠦᠲᠦᠴᠡ ᠶᠢᠨ ᠪᠠᠶᠢᠳᠠᠯ ᠂ ᠣᠷᠣᠨ ᠵᠠᠶ ᠶᠢᠨ ᠣᠷᠴᠢᠨ ᠲᠣᠭᠣᠷᠢᠨ ᠢ ᠦᠨᠳᠦᠰᠦᠯᠡᠨ ᠂ ᠲᠡᠭᠦᠨ ᠢ 7 ᠦᠵᠡᠮᠵᠢ ᠶᠢᠨ ᠣᠷᠣᠨ ᠪᠣᠯᠭᠠᠨ ᠬᠤᠪᠢᠶᠠᠵᠠᠢ ᠃ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠪᠠᠶᠢᠭᠠᠯᠢ ᠶᠢ ᠳᠣᠪᠣᠶᠢᠯᠭᠠᠬᠤ ᠪᠠᠷ ᠭᠣᠸᠯ ᠪᠣᠯᠭᠠᠵᠤ ᠂ ᠬᠥᠮᠦᠨ ᠰᠣᠶᠣᠯ ᠤᠨ ᠦᠵᠡᠮᠵᠢ ᠪᠡᠷ ᠴᠢᠮᠡᠭᠯᠡᠯ ᠪᠣᠯᠭᠠᠨ ᠂ ᠣᠶ ᠰᠢᠭᠤᠶ ᠶᠢ ᠬᠠᠮᠠᠭᠠᠯᠠᠬᠤ ᠪᠠᠷ ᠵᠠᠷᠴᠢᠮ ᠪᠣᠯᠭᠠᠵᠠᠢ ᠃ ᠵᠢᠯ ᠪᠦᠷᠢ ᠶᠢᠨ 6 ~ 9 ᠳ᠋ᠤᠭᠡᠷ ᠰᠠᠷ᠎ᠠ ᠶᠢᠨ ᠬᠣᠭᠣᠷᠣᠨᠳᠣ ᠂ ᠡᠨᠳᠡᠬᠢ ᠨᠢ ᠶᠠᠭ ᠯᠠ ᠬᠥᠮᠦᠨ ᠦ ᠣᠷᠴᠢᠯᠠᠩ ᠤᠨ ᠠᠷᠰᠢ ᠶᠢᠨ ᠣᠷᠣᠨ ᠰᠢᠭ᠋ ᠪᠠᠶᠢᠳᠠᠭ ᠃