ᠵᠤᠬᠢᠶᠠᠭᠴᠢ:
ᠴᠠᠭ:2024-06-28
ᠥᠵᠡᠭᠰᠡᠨ : ℃
ᠢᠷᠡᠯᠲᠡ: ︽ ᠪᠤᠭᠤᠲᠤ ᠬᠤᠲᠠ ᠶᠢᠨ ᠣᠶᠢᠯᠠᠯᠭ᠎ᠠ︵1991 ︱ 2015︶︾
ᠥᠪᠥᠷ ᠣᠩᠭᠣᠯ ᠤ᠋ᠨ ᠲᠠᠷᠭᠤᠨ ᠬᠥᠷᠪᠡ ᠠᠮᠲᠠᠯᠠᠭᠰᠠᠨ ᠢᠳᠡᠭᠡᠨ ᠦ᠌ ᠦᠵᠡᠮᠵᠢ ᠶ᠋ᠢᠨ ᠣᠷᠣᠨ︵ᠥᠪᠥᠷ ᠤ᠋ᠨ ᠲᠠᠷᠭᠤᠨ ᠬᠥᠷᠪᠡ ᠠᠮᠲᠠᠯᠠᠭᠰᠠᠨ ᠢᠳᠡᠭᠡᠨ ᠦ᠌ ᠬᠢᠵᠠᠭᠠᠷᠲᠤ ᠺᠣᠮᠫᠠᠨᠢ︶
ᠲᠤᠰ ᠺᠣᠮᠫᠠᠨᠢ 2003 ᠣᠨ ᠤ 10 ᠰᠠᠷ᠎ᠠ ᠳᠤ ᠪᠠᠶᠢᠭᠤᠯᠤᠭᠳᠠᠵᠤ ᠂ ᠪᠤᠭᠤᠲᠤ ᠬᠣᠲᠠ ᠶᠢᠨ ᠵᠢᠦ ᠶᠤᠸᠠᠨ ᠲᠣᠭᠣᠷᠢᠭ ᠲᠤ ᠪᠠᠶᠢᠷᠢᠰᠢᠵᠤ ᠂ ᠥᠪᠥᠷ ᠮᠣᠩᠭᠣᠯ ᠤᠨ ᠲᠠᠷᠭᠤᠨ ᠬᠥᠷᠪᠡ ᠢᠳᠡᠭᠡᠨ ᠤᠮᠳᠠᠭᠠᠨ ᠤ ᠬᠡᠯᠬᠢᠶ᠎ᠡ ᠬᠢᠵᠠᠭᠠᠷᠲᠤ ᠺᠣᠮᠫᠠᠨᠢ ᠶᠢᠨ ᠬᠠᠷᠢᠶ᠎ᠠ ᠪᠦᠬᠦᠢ ᠲᠤᠰᠠᠭᠠᠷ ᠬᠠᠤᠯᠢ ᠶᠢᠨ ᠡᠷᠬᠡᠲᠡᠨ ᠦ ᠬᠢᠷᠢ ᠭᠡᠮ ᠲᠠᠢ ᠬᠤᠪᠢᠶᠠᠷᠢ ᠺᠣᠮᠫᠠᠨᠢ ᠪᠠᠶᠢᠵᠤ ᠂ 2011 ᠣᠨ ᠳᠤ ᠤᠯᠤᠰ ᠤᠨ AAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢᠶᠡᠷ ᠰᠢᠯᠭᠠᠷᠠᠭᠤᠯᠤᠭᠳᠠᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠠᠷᠭᠤᠨ ᠬᠥᠷᠪᠡ ᠢᠳᠡᠭᠡᠨ ᠤᠮᠳᠠᠭᠠᠨ ᠤ ᠬᠡᠯᠬᠢᠶ᠎ᠡ ᠳᠡᠯᠭᠡᠭᠦᠷ ᠦᠨ ᠪᠠᠷᠢᠮᠵᠢᠶᠠᠵᠢᠭᠤᠯᠤᠭᠰᠠᠨ ᠬᠠᠯᠠᠭᠤᠨ ᠲᠣᠭᠣᠭᠠᠨ ᠤ ᠱᠥᠯᠥ ᠶᠢᠨ ᠴᠣᠷ ᠤᠨ ᠭᠠᠭᠴᠠ ᠦᠢᠯᠡᠳᠪᠦᠷᠢᠯᠡᠯ ᠦᠨ ᠰᠠᠭᠤᠷᠢᠨ ᠭᠠᠵᠠᠷ ᠪᠣᠯᠪᠠ ᠃ ᠦᠵᠡᠮᠵᠢ ᠶᠢᠨ ᠣᠷᠣᠨ ᠤ ᠡᠵᠡᠯᠡᠵᠦ ᠪᠦᠬᠦᠢ ᠲᠠᠯᠠᠪᠠᠢ ᠨᠢ 13.5 ᠲᠦᠮᠡᠨ ᠲᠡᠭᠰᠢ ᠳᠥᠷᠪᠡᠯᠵᠢᠨ ᠮᠧᠲ᠋ᠷ ᠪᠣᠢ᠃ 2006 ᠣᠨ ᠠᠴᠠ ᠰᠡᠭᠦᠯᠡᠷ ᠲᠤᠰ ᠲᠤᠰ ᠤᠯᠤᠰ ᠤᠨ ᠬᠣᠯᠪᠣᠭᠳᠠᠯ ᠪᠦᠬᠦᠢ ᠶᠠᠮᠤᠨ ᠵᠥᠪᠯᠡᠯ ᠳᠦ ᠠᠮᠲᠠ ᠣᠷᠣᠭᠤᠯᠬᠤ ᠡᠳ᠋ ᠦᠨ ᠠᠷᠪᠠᠨ ᠬᠦᠴᠦᠷᠬᠡᠭ ᠠᠵᠤ ᠠᠬᠤᠶᠢᠯᠠᠯ᠂ ᠥᠪᠥᠷ ᠮᠣᠩᠭᠣᠯ ᠤᠨ ᠨᠡᠷᠡᠲᠦ ᠦᠢᠯᠡᠳᠬᠦᠨ᠂ ᠳᠤᠮᠳᠠᠳᠤ ᠤᠯᠤᠰ ᠤᠨ ᠴᠢᠨᠠᠷ ᠰᠠᠶᠢᠲᠠᠶ ᠦᠢᠯᠡᠳᠬᠦᠨ᠂ ᠤᠯᠤᠰ ᠤᠨ ᠪᠠᠷᠢᠮᠵᠢᠶᠠᠵᠢᠭᠤᠯᠤᠯᠲᠠ ᠰᠠᠶᠢᠨ AAAAᠲᠠᠰ ᠤᠨ ᠠᠵᠤ ᠠᠬᠤᠶᠢᠯᠠᠯ ᠢᠶᠠᠷ ᠲᠣᠭᠲᠠᠭᠠᠭᠳᠠᠪᠠ ᠃ ᠲᠠᠷᠭᠤᠨ ᠬᠥᠷᠪᠡ ᠶᠢᠨ ᠦᠵᠡᠭᠦᠯᠭᠡ ᠶᠢᠨ ᠲᠢᠩᠬᠢᠮ ᠨᠢ《ᠲᠠᠯ᠎ᠠ ᠨᠤᠲᠤᠭ ᠤᠨ ᠰᠣᠶᠣᠯ ᠪᠠ ᠬᠠᠯᠠᠭᠤᠨ ᠲᠣᠭᠤᠭ᠎ᠠ ᠶᠢᠨ ᠰᠣᠶᠣᠯ》 ᠤᠨ ᠂ 《ᠲᠠᠷᠭᠤᠨ ᠬᠥᠷᠪᠡ ᠶᠢᠨ ᠰᠣᠶᠣᠯ》 ᠤᠨ ᠂ ᠲᠠᠷᠭᠤᠨ ᠬᠥᠷᠪᠡ ᠠᠮᠲᠠᠯᠠᠭᠰᠠᠨ ᠢᠳᠡᠭᠡᠨ ᠤ ᠺᠣᠮᠫᠠᠨᠢ ᠶᠢᠨ ᠰᠣᠶᠣᠯ ᠪᠠ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠂ ᠬᠥᠷᠪᠡ ᠠᠮᠲᠠᠯᠠᠭᠰᠠᠨ ᠢᠳᠡᠭᠡᠨ ᠤ ᠰᠢᠷᠢᠰ ᠪᠦᠲᠦᠭᠡᠭᠳᠡᠬᠦᠨ ᠤ ᠭᠡᠵᠦ ᠬᠤᠪᠢᠶᠠᠵᠠᠢ᠃