ᠵᠤᠬᠢᠶᠠᠭᠴᠢ:
ᠴᠠᠭ:2024-07-12
ᠥᠵᠡᠭᠰᠡᠨ : ℃
ᠢᠷᠡᠯᠲᠡ: ︽ ᠲᠤᠬᠠᠢ ᠯ︾
ᠪᠤᠭᠤᠲᠤ ᠶ᠋ᠢᠨ ᠮᠦᠽᠧᠢ
ᠪᠤᠭᠤᠲᠤ ᠶᠢᠨ ᠮᠦᠽᠧᠶ 1998 ᠣᠨ ᠳᠤ ᠪᠠᠶᠢᠭᠤᠯᠤᠭᠳᠠᠪᠠ᠃ ᠪᠤᠭᠤᠲᠤ ᠳᠤ ᠥᠪᠥᠷ ᠮᠣᠩᠭᠣᠯ ᠤᠨ ᠪᠠᠷᠠᠭᠤᠨ ᠬᠡᠰᠡᠭ ᠦᠨ ᠭᠠᠵᠠᠷ ᠣᠷᠣᠨ ᠢ ᠬᠠᠮᠤᠷᠤᠭᠰᠠᠨ ᠶᠡᠷᠦᠩᠬᠡᠶᠢᠯᠡᠭᠰᠡᠨ ᠴᠢᠨᠠᠷᠲᠠᠶ᠂ ᠣᠯᠠᠨ ᠴᠢᠳᠠᠮᠵᠢᠲᠤ ᠮᠦᠽᠧᠶ ᠪᠣᠯᠤᠨ᠎ᠠ᠃ ᠡᠭᠦᠨ ᠳᠤ《ᠣᠯᠠᠨ ᠢ ᠰᠣᠴᠢᠭᠠᠵᠤ ᠣᠷᠴᠢᠯᠠᠩ ᠢ ᠳᠣᠩᠰᠣᠯᠭᠠᠭᠰᠠᠨ ᠨᠢ — ᠥᠪᠥᠷ ᠮᠣᠩᠭᠤᠯ ᠤᠨ ᠡᠷᠲᠡᠨ ᠤ ᠦᠶ᠎ᠡ ᠶᠢᠨ ᠬᠠᠳᠠᠨ ᠵᠢᠷᠤᠭ ᠤᠨ ᠦᠵᠡᠭᠦᠯᠭᠡ》 ᠨᠢ 《1999 ᠣᠨ ᠤ ᠪᠥᠬᠦ ᠤᠯᠤᠰ ᠤᠨ ᠠᠷᠪᠠᠨ ᠶᠡᠭᠡ ᠲᠡᠤᠬᠡ ᠶᠢᠨ ᠳᠤᠷᠠᠰᠬᠠᠯᠲᠤ ᠤᠨ ᠳᠡᠯᠭᠡᠨ ᠦᠵᠡᠭᠦᠯᠭᠡ ᠶᠢᠨ ᠰᠣᠳᠣᠨ ᠪᠦᠲᠦᠭᠡᠯ》 ᠤᠨ ᠱᠠᠩᠨᠠᠯ ᠢ ᠭᠥᠷᠳᠡᠵᠦ᠂《ᠪᠤᠭᠤᠲᠤ ᠶᠢᠨ ᠲᠡᠤᠬᠡ ᠶᠢᠨ ᠳᠤᠷᠠᠰᠬᠠᠯᠲᠤ ᠤᠨ ᠦᠵᠡᠭᠦᠯᠭᠡ》 ᠨᠢ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 50 ᠵᠢᠯ ᠤᠨ ᠮᠦᠽᠧᠶ ᠶᠢᠨ ᠠᠷᠪᠠᠨ ᠶᠡᠭᠡ ᠦᠵᠡᠭᠦᠯᠭᠡ ᠶᠢᠨ ᠰᠣᠳᠣᠨ ᠪᠦᠲᠦᠭᠡᠭᠳᠡᠬᠦᠨ》 ᠤ ᠱᠠᠩᠨᠠᠯ ᠢ ᠭᠥᠷᠳᠡᠪᠡ᠃ 1999 ᠣᠨ ᠳᠤ᠂ ᠪᠤᠭᠤᠲᠤ ᠶᠢᠨ ᠮᠦᠽᠧᠶ ᠪᠤᠭᠤᠲᠤ ᠬᠤᠲᠠ ᠶᠢᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠠ ᠪᠤᠭᠤᠲᠤ ᠬᠤᠲᠠ ᠶᠢᠨ ᠪᠣᠯᠪᠠᠰᠤᠨ ᠵᠢᠱᠢᠶ᠎ᠡ ᠦᠵᠡᠭᠦᠯᠬᠦ ᠪᠠᠷ ᠰᠢᠯᠭᠠᠷᠠᠭᠤᠯᠤᠭᠳᠠᠵᠦ ᠂ 2001 ᠣᠨ ᠳᠤ ᠬᠤᠲᠠ ᠶᠢᠨ ᠱᠠᠲᠤᠨ ᠤ ᠣᠶᠤᠨ ᠤ ᠪᠣᠯᠪᠠᠰᠤᠨ ᠤ ᠨᠢᠭᠡᠴᠢ ᠪᠠ ᠪᠤᠭᠤᠲᠤ ᠬᠤᠲᠠ ᠶᠢᠨ ᠶᠡᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢᠶᠠᠷ ᠰᠢᠯᠭᠠᠷᠠᠭᠤᠯᠤᠭᠳᠠᠪᠠ ᠃ ᠡᠭᠦᠨ ᠳᠦ 20 ᠭᠠᠷᠤᠶ ᠲᠦᠮᠡᠨ ᠬᠥᠮᠦᠨ ᠤᠳᠠᠭ᠎ᠠ ᠬᠦᠯᠢᠶᠡᠨ ᠠᠪᠴᠤ ᠭᠤᠯᠵᠦ ᠂ ᠨᠡᠶᠢᠭᠡᠮ ᠦᠨ ᠡᠯ᠎ᠡ ᠡᠲᠡᠭᠡᠳ ᠦᠨ ᠬᠢᠨ ᠤ ᠥᠨᠳᠥᠷ ᠦᠨᠡᠯᠡᠯᠲᠡ ᠶᠢ ᠣᠯᠵᠠᠶ ᠃